| | | ᠣᠶᠢᠷ᠎ᠠ ᠳᠤ᠂ ᠫᠢᠩᠵᠤᠸᠠᠩ ᠪᠠᠯᠭᠠᠰᠤᠨ ᠤ ᠬᠢᠨ ᠭᠠᠵᠠᠷ ᠰᠢᠷᠣᠶ ᠶᠢᠨ ᠳᠠᠭᠠᠭᠤᠯᠢ ᠣᠳᠣᠨ ᠤ ᠹᠢᠯᠢᠮ ᠤᠨ | ᠬᠠᠤᠯᠢ ᠵᠥᠷᠢᠴᠡᠭᠰᠡᠨ ᠵᠢᠷᠤᠭ ᠤᠨ ᠳᠤᠯᠪᠤ ᠶᠢ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ | ᠴᠢᠨᠠᠷ ᠢ ᠭᠦᠢᠴᠡᠳ ᠲᠠᠨᠢᠵᠤ᠂ ᠰᠠᠭᠤᠷᠢ ᠲᠤᠭ᠎ᠠ ᠶᠢ ᠲᠣᠳᠣᠷᠬᠠᠶᠢᠯᠠᠬᠤ᠂ ᠰᠢᠨᠵᠢ ᠴᠢᠨᠠᠷ ᠢ ᠲᠣᠳᠣᠷᠬᠠᠶᠢᠯᠠᠬᠤ᠂ ᠡᠷᠡᠰ | ᠴᠣᠬᠢᠯᠲᠠ ᠥᠭᠬᠦ᠂ ᠠᠵᠢᠯ ᠤᠨ ᠪᠠᠷᠢᠮᠵᠢᠶ᠎ᠠ ᠶᠢ ᠲᠦᠢᠯᠪᠤᠷᠢᠲᠠᠶ ᠠᠷᠢᠯᠭᠠᠬᠤ ᠶᠢ ᠪᠠᠷᠢᠮᠲᠠᠯᠠᠨ᠂ ᠭᠤᠷᠪᠠᠨ | ᠠᠯᠬᠤᠮ ᠢᠶᠠᠷ ᠶᠠᠪᠤᠬᠤ ᠶᠢ ᠪᠠᠷᠢᠮᠲᠠᠯᠠᠵᠤ᠂ ᠬᠠᠤᠯᠢ ᠵᠥᠷᠢᠴᠡᠭᠰᠡᠨ ᠵᠢᠷᠤᠭ ᠤᠨ ᠳᠤᠯᠪᠤ ᠶᠢ ᠠᠷᠢᠯᠭᠠᠬᠤ ᠠᠵᠢᠯᠯᠠᠭ᠎ᠠ ᠶᠢ | ᠪᠥᠬᠦ ᠲᠠᠯ᠎ᠠ ᠪᠠᠷ ᠥᠷᠨᠢᠭᠦᠯᠪᠡ᠃ | ᠨᠢᠭᠡᠳᠦᠭᠡᠷ ᠠᠯᠬᠤᠮ᠄ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠢ ᠳᠣᠷᠣᠭᠰᠢ ᠪᠠᠭᠤᠯᠭᠠᠵᠤ | ᠪᠣᠳᠠᠲᠠᠶᠢᠵᠢᠭᠤᠯᠵᠤ᠂ ᠬᠤᠭᠤᠴᠠᠭ᠎ᠠ ᠬᠢᠵᠠᠭᠠᠷᠯᠠᠨ ᠥᠪᠡᠷ ᠢᠶᠠᠨ ᠨᠤᠷᠠᠭᠠᠯᠭᠠᠨ᠎ᠠ᠃ ᠤᠯᠤᠰ ᠪᠠ ᠥᠪᠡᠷᠲᠡᠭᠡᠨ ᠵᠠᠰᠠᠬᠤ | ᠣᠷᠣᠨ ᠤ ᠪᠠᠭᠤᠯᠭᠠᠭᠰᠠᠨ ᠬᠠᠤᠯᠢ ᠠᠴᠠ ᠵᠥᠷᠢᠴᠡᠭᠰᠡᠨ ᠵᠢᠷᠤᠭ ᠤᠨ ᠲᠣᠯᠪᠤ ᠵᠢᠴᠢ ᠨᠤᠷᠠᠭᠠᠬᠤ ᠬᠤᠭᠤᠴᠠᠭ᠎ᠠ ᠲᠠᠢ | ᠤᠶᠠᠯᠳᠤᠭᠤᠯᠤᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠭᠲᠠᠭᠰᠠᠨ ᠬᠤᠭᠤᠴᠠᠭᠠᠨ ᠳᠤ | ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠢ ᠵᠠᠯᠭᠠᠭᠠᠪᠡᠷ 22 ᠬᠤᠪᠢ ᠪᠠᠭᠤᠯᠭᠠᠵᠤ᠂ ᠤᠷᠢᠳᠴᠢᠯᠠᠨ | ᠮᠡᠳᠡᠭᠳᠡᠬᠦ᠂ ᠤᠷᠢᠳᠴᠢᠯᠠᠨ ᠪᠠᠶᠢᠷᠢᠯᠠᠭᠤᠯᠬᠤ᠂ ᠤᠷᠢᠳᠴᠢᠯᠠᠨ ᠬᠥᠳᠡᠯᠬᠦ ᠶᠢ ᠪᠡᠶᠡᠯᠡᠭᠦᠯᠦᠨ᠎ᠡ᠃ | ᠬᠤᠶᠠᠳᠤᠭᠠᠷ ᠠᠯᠬᠤᠮ᠄ ᠬᠡᠷ ᠲᠤᠨᠢ ᠬᠦᠷᠴᠦ ᠢᠳᠬᠠᠨ ᠲᠠᠶᠢᠯᠪᠤᠷᠢᠯᠠᠵᠤ ᠰᠢᠪᠠᠳᠠᠨ ᠱᠠᠭᠠᠷᠳᠠᠵᠤ᠂ ᠦᠵᠡᠯ | ᠰᠠᠨᠠᠭ᠎ᠠ ᠪᠠᠨ ᠪᠥᠬᠦ ᠲᠠᠯ᠎ᠠ ᠪᠠᠷ ᠨᠢᠭᠡᠳᠬᠡᠨ᠎ᠡ᠃ ᠥᠪᠡᠷᠲᠡᠭᠡᠨ ᠨᠤᠷᠠᠭᠠᠭᠰᠠᠨ ᠥᠬᠡᠶ ᠪᠠᠶᠢᠳᠠᠯ ᠳᠤ ᠴᠢᠭᠯᠡᠭᠦᠯᠦᠨ᠂ | ᠡᠯ᠎ᠡ ᠬᠠᠮᠢᠶ᠎ᠠ ᠪᠥᠬᠦᠶ ᠬᠠᠷᠢᠭᠤᠴᠠᠯᠭᠠᠲᠠᠨ ᠨᠢ ᠦᠷᠭᠦᠯᠵᠢᠯᠡᠨ ᠬᠡᠷ ᠲᠤᠨᠢ ᠬᠦᠷᠴᠦ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠬᠢᠵᠦ᠂ ᠰᠡᠳᠬᠢᠯ ᠤᠨ ᠬᠦᠴᠢᠷᠳᠡᠯ ᠢᠶᠠᠨ ᠨᠠᠮᠳᠠᠭᠤᠯᠵᠤ᠂ ᠬᠠᠤᠯᠢ ᠠᠴᠠ ᠵᠥᠷᠢᠴᠡᠭᠰᠡᠨ ᠭᠤᠤᠯ | ᠴᠣᠭᠴᠠ ᠶᠢᠨ ᠲᠠᠨᠢᠯᠲᠠ ᠪᠠᠨ ᠳᠡᠭᠡᠭᠰᠢᠯᠡᠭᠦᠯᠦᠨ᠂ ᠪᠡᠶ᠎ᠡ ᠪᠠᠨ ᠳᠠᠭᠠᠭᠠᠨ ᠠᠵᠢᠯᠯᠠᠭ᠎ᠠ ᠬᠢᠬᠦ ᠶᠢ ᠰᠢᠮᠳᠠᠭᠤᠯᠵᠤ᠂ ᠲᠣᠰ | ᠪᠡᠶ᠎ᠡ ᠶᠢᠨ ᠡᠳ᠋ ᠬᠥᠷᠥᠩᠭᠡ ᠪᠠᠨ ᠬᠤᠬᠢᠷᠠᠯ ᠳᠤ ᠤᠴᠠᠷᠠᠭᠤᠯᠬᠤ ᠥᠬᠡᠶ ᠪᠠᠶᠢᠬᠤ ᠶᠢ ᠬᠠᠮᠤᠭ ᠤᠨ ᠶᠡᠭᠡ ᠬᠡᠮᠵᠢᠶ᠎ᠡ ᠪᠠᠷ | ᠪᠠᠲᠤᠯᠠᠬᠤ ᠬᠡᠷᠡᠭᠲᠡᠶ᠃ ᠡᠨᠡ ᠬᠤᠶᠠᠷ ᠠᠯᠬᠤᠮ ᠢᠶᠠᠷ ᠶᠠᠪᠤᠭᠰᠠᠨ ᠤ ᠳᠠᠷᠠᠭ᠎ᠠ᠂ ᠪᠥᠬᠦ ᠪᠠᠯᠭᠠᠰᠤᠨ ᠤ ᠬᠠᠤᠯᠢ ᠠᠴᠠ | ᠵᠥᠷᠢᠴᠡᠨ ᠬᠡᠷᠡᠭᠯᠡᠭᠰᠡᠨ ᠭᠠᠵᠠᠷ ᠤᠨ 22 ᠭᠠᠵᠠᠷ ᠢ ᠬᠤᠭᠤᠴᠠᠭ᠎ᠠ ᠶᠣᠰᠣᠭᠠᠷ ᠴᠡᠭᠴᠡᠯᠡᠨ ᠥᠭᠡᠷᠡᠴᠢᠯᠡᠵᠦ᠂ | ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ ᠶᠢ 100% ᠳᠤ ᠬᠦᠷᠦᠭᠦᠯᠦᠨ᠎ᠡ᠃ | ᠭᠤᠷᠪᠠᠳᠤᠭᠠᠷ ᠠᠯᠬᠤᠮ᠄ ᠨᠢᠭᠤᠷ ᠲᠠᠯ᠎ᠠ ᠬᠠᠷᠠᠬᠤ ᠦᠭᠡᠢ ᠪᠠᠷ ᠬᠠᠤᠯᠢ ᠬᠡᠷᠡᠭᠵᠢᠭᠦᠯᠬᠦ ᠶᠢ ᠠᠯᠪᠠᠳᠠᠯᠭ᠎ᠠ ᠪᠠᠷ | ᠪᠣᠳᠠᠲᠠᠶᠢᠵᠢᠭᠤᠯᠵᠤ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠲᠠᠰᠤ ᠵᠣᠭᠰᠣᠭᠠᠨ᠎ᠠ᠃ ᠬᠤᠶᠠᠷ ᠠᠯᠬᠤᠮ ᠢᠶᠠᠷ | ᠶᠠᠪᠤᠭᠰᠠᠨ ᠤ ᠳᠠᠷᠠᠭ᠎ᠠ᠂ ᠬᠠᠤᠯᠢ ᠶᠢ ᠵᠥᠷᠢᠴᠡᠨ ᠭᠠᠵᠠᠷ ᠰᠢᠷᠣᠶ ᠬᠡᠷᠡᠭᠯᠡᠭᠰᠡᠨ ᠮᠤᠵᠢᠭᠤᠳᠠ ᠠᠵᠢᠯᠯᠠᠭ᠎ᠠ ᠨᠢ | ᠬᠠᠷᠠᠯᠲᠠ ᠶᠢᠨ ᠱᠠᠭᠠᠷᠳᠠᠯᠭ᠎ᠠ ᠳᠤ ᠬᠦᠷᠴᠦ ᠴᠢᠳᠠᠭᠰᠠᠨ ᠦᠭᠡᠶ ᠪᠡᠯᠡᠳᠬᠡᠯ ᠮᠥᠨ ᠣᠷᠣᠰᠢᠵᠤ᠂ ᠲᠡᠷᠭᠡ ᠬᠥᠰᠬᠡ ᠶᠢ | ᠠᠯᠪᠠᠳᠠᠯᠭ᠎ᠠ ᠪᠠᠷ ᠨᠤᠷᠠᠭᠠᠬᠤ᠂ ᠠᠵᠢᠯᠲᠠᠨ ᠢ ᠨᠥᠭᠡᠴᠡᠯᠡᠬᠦ ᠲᠠᠯ᠎ᠠ ᠪᠠᠷ ᠪᠠᠴᠢᠮ ᠪᠠᠶᠢᠳᠠᠯ ᠢ ᠠᠷᠭᠠᠴᠠᠬᠤ ᠠᠵᠢᠯ ᠢ | ᠰᠠᠶᠢᠲᠤᠷ ᠬᠢᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠡᠷᠡᠰ ᠰᠠᠬᠢᠨ ᠬᠠᠮᠠᠭᠠᠯᠠᠵᠤ᠂ ᠬᠠᠤᠯᠢ ᠠᠴᠠ | ᠵᠥᠷᠢᠴᠡᠨ ᠭᠠᠵᠠᠷ ᠬᠡᠷᠡᠭᠯᠡᠭᠰᠡᠨ ᠠᠵᠢᠯᠯᠠᠭ᠎ᠠ ᠳᠤ ᠴᠣᠬᠢᠯᠲᠠ ᠥᠭᠬᠦ ᠶᠢᠨ ᠲᠥᠯᠥᠭᠡ᠂ ᠪᠦᠷᠢᠨ ᠲᠡᠭᠦᠯᠳᠡᠷ ᠠᠷᠭ᠎ᠠ | ᠪᠣᠳᠣᠯᠭ᠎ᠠ ᠶᠢ ᠰᠠᠶᠢᠲᠤᠷ ᠰᠦᠪᠡᠭᠴᠢᠯᠡᠨ᠎ᠡ᠃ | ᠥᠨᠳᠥᠷ ᠳᠠᠷᠤᠯᠲᠠ ᠶᠢᠨ ᠪᠠᠶᠢᠳᠠᠯ ᠢᠶᠠᠨ ᠪᠠᠲᠤᠯᠠᠵᠤ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ | ᠴᠣᠬᠢᠯᠲᠠ ᠥᠭᠬᠦ ᠪᠣᠯ ᠫᠢᠩᠵᠤᠸᠠᠩ ᠪᠠᠯᠭᠠᠰᠤᠨ ᠤ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠠᠵᠢᠯᠯᠠᠭ᠎ᠠ ᠶᠢ | ᠴᠡᠭᠴᠡᠯᠡᠨ ᠵᠠᠰᠠᠬᠤ ᠲᠠᠯ᠎ᠠ ᠪᠠᠷ ᠬᠢ ᠢᠮᠠᠭᠲᠠ ᠶᠢᠨ ᠪᠠᠷᠢᠮᠵᠢᠶ᠎ᠠ ᠪᠣᠯᠤᠨ᠎ᠠ᠂ ᠲᠤᠰ ᠪᠠᠯᠭᠠᠰᠤᠨ ᠤ ᠬᠢᠨ ᠲᠠᠷᠢᠶᠠᠨ | ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠠ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ | ᠳᠦᠷᠢᠮ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ᠂ ᠬᠠᠤᠯᠢ ᠠᠴᠠ | ᠵᠥᠷᠢᠴᠡᠨ ᠪᠥᠲᠥᠭᠡᠨ ᠪᠠᠶᠢᠭᠤᠯᠬᠤ ᠳᠤ ︽ᠥᠴᠦᠬᠡᠨ ᠴᠦ ᠠᠭᠤᠴᠢᠯᠠᠬᠤ ᠥᠬᠡᠶ︾ ᠶᠢ ᠪᠠᠶᠢᠩᠭᠤᠵᠢᠭᠤᠯᠬᠤ ᠶᠢ | ᠪᠡᠶᠡᠯᠡᠭᠦᠯᠬᠦ ᠶᠢᠨ ᠬᠠᠮᠲᠤ ᠲᠤᠷᠰᠢᠯᠭ᠎ᠠ ᠰᠤᠷᠭᠠᠮᠵᠢ ᠪᠠᠨ ᠲᠠᠰᠤᠷᠠᠯᠲᠠ ᠥᠬᠡᠶ ᠳ᠋ᠦᠩᠨᠡᠵᠦ᠂ ᠭᠠᠵᠠᠷ ᠬᠡᠷᠡᠭᠯᠡᠬᠦ | ᠤᠬᠠᠮᠰᠠᠷ ᠢᠶᠠᠨ ᠬᠠᠤᠯᠢ ᠶᠣᠰᠣᠭᠠᠷ ᠵᠢᠷᠤᠮᠵᠢᠭᠤᠯᠬᠤ ᠶᠢ ᠪᠥᠬᠦ ᠲᠠᠯ᠎ᠠ ᠪᠠᠷ ᠴᠢᠩᠭᠠᠳᠬᠠᠨ᠂ ᠭᠠᠵᠠᠷ ᠰᠢᠷᠣᠶ ᠶᠢᠨ | ᠠᠰᠢᠭᠯᠠᠯᠲᠠ ᠶᠢᠨ ᠬᠠᠮᠢᠶᠠᠷᠤᠯᠲᠠ ᠶᠢᠨ ᠠᠵᠢᠯᠯᠠᠭ᠎ᠠ ᠶᠢ ᠦᠨᠡᠨ ᠬᠦ ᠵᠢᠷᠤᠮᠵᠢᠭᠤᠯᠵᠤ᠂ ᠭᠠᠵᠠᠷ ᠰᠢᠷᠣᠶ ᠶᠢᠨ ᠬᠠᠤᠯᠢ | ᠲᠣᠭᠲᠠᠭᠠᠯ ᠠᠴᠠ ᠵᠥᠷᠢᠴᠡᠭᠰᠡᠨ ᠰᠢᠨ᠎ᠡ ᠠᠰᠠᠭᠤᠳᠠᠯ ᠡᠭᠦᠰᠬᠦ ᠶᠢ ᠡᠷᠡᠰ ᠬᠤᠷᠢᠭᠯᠠᠵᠤ᠂ ᠬᠠᠤᠯᠢ ᠶᠣᠰᠣᠭᠠᠷ ᠭᠠᠵᠠᠷ | ᠬᠡᠷᠡᠭᠯᠡᠬᠦ ᠭᠠᠵᠠᠷ ᠰᠢᠷᠣᠶ ᠶᠢ ᠬᠠᠮᠢᠶᠠᠷᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠡᠬᠡ ᠪᠢᠴᠢᠭ / ᠫᠢᠩᠵᠤᠸᠠᠩ ᠪᠠᠯᠭᠠᠰᠤ | ᠨᠠᠶᠢᠷᠠᠭᠤᠯᠤᠭᠴᠢ / ᠸᠠᠩ ᠵᠢᠩ | ᠬᠢᠨᠠᠨ ᠬᠠᠷᠭᠤᠭᠤᠯᠤᠭᠴᠢ / ᠴᠦ᠋ ᠴᠢ | ᠡᠴᠦᠰ ᠤᠨ ᠰᠢᠭᠦᠯᠲᠡ / ᠲᠤᠤ ᠳ᠋ᠠ ᠶᠦᠩ | ᠢᠷᠡᠯᠲᠡ᠄ | ᠾᠥᠸᠧ ᠯᠢ ᠶᠤᠸᠠᠨ ᠪᠤᠤ ᠱᠠᠨ | ᠨᠠᠶᠢᠷᠠᠭᠤᠯᠤᠭᠴᠢ᠄ | ᠪᠤᠤ ᠯᠢᠩ ᡁᠢ | ᠬᠢᠨᠠᠨ ᠬᠠᠷᠭᠤᠭᠤᠯᠤᠭᠴᠢ᠄ | ᠸᠠᠩ ᠯᠸᠢ | ᠶᠡᠷᠤᠩᠬᠡᠢ ᠬᠢᠨᠠᠭᠴᠢ᠄ | ᠯᠢ ᠸᠧᠢ | | |