ᠶᠤᠸᠠᠨ ᠪᠦᠦ ᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ 2021 ᠣᠨ ᠤ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠦᠵᠢᠭᠦᠯᠬᠦ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2021/12/19
     12 ᠰᠠᠷ᠎ᠠ ᠶᠢᠨ 13᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ  ᠲᠤᠪᠴᠢᠶ᠎ᠠ ᠶᠢᠨ ᠬᠢᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠲᠠᠢ ᠬᠠᠮᠲᠤᠷᠠᠨ ᠨᠢᠩᠴᠧᠩ ᠰᠢᠶᠠᠨ ᠳᠤ 2021 ᠣᠨ ᠤ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠦᠵᠢᠭᠦᠯᠬᠦ ᠪᠣᠯᠪᠠᠰᠤᠷᠠᠯ ᠤᠨ ᠠᠩᠬᠢ ᠶᠢ ᠡᠷᠬᠢᠯᠡᠵᠦ᠂ ᠥᠨᠳᠥᠷ ᠲᠦᠪᠰᠢᠨ ᠲᠠᠢ᠂ ᠥᠨᠳᠥᠷ ᠬᠡᠪ ᠪᠣᠯᠪᠠᠰᠤᠷᠠᠯ ᠲᠠᠢ᠂ ᠤᠷ᠎ᠠ ᠮᠡᠷᠭᠡᠵᠢᠯ ᠲᠠᠢ ᠰᠢᠨ᠎ᠡ ᠲᠠᠷᠢᠶᠠᠴᠢᠨ ᠢ ᠬᠥᠮᠦᠵᠢᠭᠦᠯᠪᠡ᠃     ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠲᠣᠰ ᠲᠣᠪᠴᠢᠶ᠎ᠠ᠂ ᠥᠨᠳᠥᠷ ᠬᠡᠪ ᠴᠢᠨᠠᠷ ᠪᠥᠬᠦᠶ ᠲᠠᠷᠢᠶᠠᠴᠢᠳ ᠢ ᠬᠥᠮᠦᠵᠢᠭᠦᠯᠬᠦ ᠠᠵᠢᠯ ᠢ ᠴᠢᠩᠭᠠᠳᠬᠠᠬᠤ ᠳᠤ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠥᠮᠦᠵᠢᠭᠦᠯᠬᠦ ᠲᠥᠯᠥᠪᠯᠡᠭᠡ ᠶᠢ ᠨᠠᠷᠢᠨ ᠨᠢᠮᠪᠠᠶ ᠲᠣᠭᠲᠠᠭᠠᠵᠤ᠂ ᠣᠨᠣᠯ ᠤᠨ ᠵᠢᠭᠠᠨ ᠰᠤᠷᠭᠠᠯᠲᠠ ᠪᠠ ᠦᠢᠯᠡᠳᠪᠦᠷᠢᠡᠯᠯ ᠤᠨ ᠦᠢᠯᠡᠳᠦᠯᠭᠡ ᠶᠢᠨ ᠠᠵᠢᠯ ᠢ ᠰᠠᠶᠢᠲᠤᠷ ᠬᠢᠬᠦ ᠬᠡᠷᠡᠭᠲᠡᠶ︔ ᠶᠠᠰᠤ ᠴᠢᠨᠠᠷ ᠢ ᠪᠠᠲᠤᠯᠠᠵᠤ᠂ ᠤᠨᠤᠯ ᠢ ᠪᠣᠳᠠᠲᠠᠢ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠰᠤᠷᠤᠭᠴᠢᠳ ᠤᠨ ᠦᠢᠯᠡᠳᠪᠦᠷᠢᠯᠡᠯ ᠦᠢᠯᠡᠳᠦᠯᠭᠡ ᠶᠢᠨ ᠴᠢᠳᠠᠪᠤᠷᠢ ᠶᠢ ᠴᠢᠩᠭᠠᠳᠬᠠᠬᠤ ᠬᠡᠷᠡᠭᠲᠡᠢ︔ ᠪᠣᠭᠤᠮᠲᠠ ᠶᠢ ᠴᠢᠩᠭ᠎ᠠ ᠠᠳᠬᠤᠵᠤ᠂ ᠶᠡᠷᠦᠩᠬᠡᠶᠢᠯᠡᠨ ᠰᠢᠯᠭᠠᠨ ᠦᠨᠡᠯᠡᠵᠦ᠂ ᠪᠡᠯᠡ ᠮᠥᠩᠭᠦ ᠪᠠ ᠮᠡᠷᠭᠡᠵᠢᠯ ᠤᠨ ᠳᠡᠮᠵᠢᠯᠭᠡ ᠪᠠᠷ ᠳᠠᠮᠵᠢᠭᠤᠯᠤᠨ ᠥᠨᠳᠥᠷ ᠬᠡᠪ ᠴᠢᠨᠠᠷ ᠪᠦᠬᠦᠢ ᠲᠠᠷᠢᠶᠠᠴᠢᠳ ᠤᠨ ᠦᠢᠯᠡᠳᠪᠦᠷᠢᠯᠡᠯ ᠤᠨ ᠢᠳᠡᠪᠬᠢᠵᠢᠯ ᠢ ᠳᠠᠶᠢᠴᠢᠯᠠᠬᠤ ᠬᠡᠷᠡᠭᠲᠡᠶ︔ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ᠂ ᠮᠠᠨ ᠤ ᠲᠤᠭᠤᠷᠢᠭ ᠤᠨ ᠣᠨᠴᠠᠯᠢᠭ ᠲᠤ ᠨᠡᠶᠢᠴᠡᠭᠰᠡᠨ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠪᠤᠶᠢᠵᠢᠭᠤᠯᠬᠤ ᠵᠠᠭᠪᠤᠷ ᠢ ᠡᠷᠢᠯᠬᠢᠯᠡᠵᠦ᠂ ᠪᠤᠶᠢᠵᠢᠭᠤᠯᠬᠤ ᠠᠵᠢᠯ ᠤᠨ ᠰᠢᠨᠵᠢᠯᠡᠬᠦ ᠤᠬᠠᠭᠠᠨᠴᠢ ᠤᠷᠳᠤ ᠬᠤᠭᠤᠴᠠᠭᠠᠨ ᠤ ᠪᠦᠲᠦᠮᠵᠢᠲᠡᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ 9 ᠡᠳᠦᠷ ᠪᠣᠯᠤᠨ᠎ᠠ᠂ ᠲᠤᠰᠬᠠᠶ ᠰᠡᠳᠦᠪᠲᠦ ᠲᠠᠶᠢᠯᠤᠮᠵᠢ᠂ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠤᠳᠤᠯᠤᠨ ᠶᠠᠷᠢᠯᠴᠠᠬᠤ ᠪᠠ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠬᠠᠷᠢᠯᠴᠠᠨ ᠤᠶᠠᠯᠳᠤᠭᠤᠯᠤᠭᠰᠠᠨ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢ ᠠᠪᠴᠤ᠂ ᠮᠠᠨ ᠤ ᠲᠤᠭᠤᠷᠢᠭ ᠤᠨ 95 ᠰᠣᠷᠣᠭᠴᠢ ᠳᠤ ᠬᠢᠴᠢᠶᠡᠯ ᠣᠷᠣᠬᠤ ᠶᠢ ᠵᠢᠭᠠᠨ ᠵᠢᠯᠣᠭᠤᠳᠤᠨ᠎ᠠ᠂ ᠠᠭᠤᠯᠭ᠎ᠠ ᠨᠢ ᠬᠠᠤᠯᠢ ᠴᠠᠭᠠᠵᠠ ᠶᠢᠨ ᠰᠠᠭᠤᠷᠢ ᠮᠡᠳᠡᠯᠭᠡ᠂ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠬᠠᠮᠢᠶᠠᠷᠤᠯᠲᠠ᠂ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠡᠭᠦᠳᠦᠨ ᠪᠦᠲᠦᠭᠡᠯᠲᠡ᠂ ᠲᠠᠷᠢᠶᠠᠯᠠᠩ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠪᠦᠲᠦᠭᠡᠯᠴᠢ ᠲᠠᠷᠢᠶᠠᠯᠠᠩ᠂ ᠣᠯᠠᠨ ᠢᠶᠠᠷ ᠢᠶᠠᠨ ᠴᠤᠭᠯᠠᠭᠤᠯᠬᠤ ᠬᠤᠳᠠᠯᠳᠤᠭᠠᠨ ᠤ ᠵᠠᠭᠪᠤᠷ ᠵᠡᠷᠭᠡ ᠣᠯᠠᠨ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠃       ᠰᠤᠷᠪᠤᠯᠵᠢᠯᠠᠭᠴᠢ / ᠭᠤᠣ ᠹᠸᠢ       ᠨᠠᠶᠢᠷᠠᠭᠤᠯᠤᠭᠴᠢ / ᠸᠠᠩ ᠵᠢᠩ       ᠬᠢᠨᠠᠨ ᠬᠠᠷᠭᠤᠭᠤᠯᠤᠭᠴᠢ / ᠴᠦ᠋ ᠴᠢ       ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ    
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1