ᠶᠤᠸᠠᠨ ᠪᠦᠦ ᠱᠠᠨ ᠲᠣᠭᠤᠷᠢᠭ ᠤᠨ ᠬᠢᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠰᠣᠷᠢᠯᠲᠠ ᠶᠢᠨ ᠳ᠋ᠦᠩᠨᠡᠯᠲᠡ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠴᠡᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ ︵ᠭᠤᠷᠪᠠ︶
ᠨᠡᠶᠢᠲᠡᠯᠡᠭᠰᠡᠨ ᠴᠠᠭ᠄
2021/12/21
11.jpg
    ᠰᠦᠨ ᠭᠤᠸᠠᠩ ᠲᠦᠩ᠂ ᠤᠢᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠪᠠᠶᠢᠳᠠᠯ ᠳᠣᠣᠷ᠎ᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠵᠦ᠂ ᠪᠠᠷᠢᠮᠵᠢᠶ᠎ᠠ ᠲᠠᠢ ᠬᠠᠷᠢᠴᠠᠭᠤᠯᠤᠨ ᠰᠤᠷᠤᠯᠴᠠᠬᠤ ᠪᠠᠷ ᠨᠠᠷᠢᠨ ᠬᠢᠨᠠᠮᠠᠭᠠᠢ ᠲᠤᠯᠢ ᠪᠣᠯᠭᠠᠵᠤ ᠂ ︽ᠬᠠᠷᠢᠶ᠎ᠠ ᠣᠷᠣᠨ᠂ ᠰᠠᠯᠠᠭ᠎ᠠ ᠮᠥᠴᠢᠷ᠂ ᠨᠢᠭᠡᠴᠢ᠂ ᠬᠤᠪᠢ ᠬᠥᠮᠦᠨ︾᠎ ᠤ ᠬᠠᠷᠢᠭᠤᠴᠠᠯᠭ᠎ᠠ ᠶᠢ ᠴᠢᠨᠠᠭᠰᠢᠳᠠ ᠴᠢᠩᠭᠠᠳᠬᠠᠵᠤ᠂ ᠲᠤᠰ ᠬᠠᠷᠢᠶ᠎ᠠ ᠣᠷᠣᠨ ᠤ ᠠᠵᠢᠯ ᠢᠶᠠᠨ ᠴᠢᠷᠮᠠᠶᠢᠨ ᠰᠠᠶᠢᠵᠢᠷᠠᠭᠤᠯᠬᠤ ᠬᠡᠷᠡᠭᠲᠡᠢ︔ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠤᠨ ᠢᠳᠡᠪᠬᠢᠲᠡᠢ ᠪᠠᠷ ᠴᠡᠭᠴᠡᠯᠡᠨ ᠰᠠᠶᠢᠵᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃    ᠰᠦᠨ ᠭᠤᠸᠠᠩ ᠲᠦᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ᠂ ᠡᠭᠦᠷᠭᠡ ᠮᠥᠨᠬᠦ ᠬᠠᠲᠠᠭᠤ ᠪᠡᠷᠬᠡ ᠨᠦᠰᠡᠷ ᠬᠦᠨᠳᠦ ᠪᠠᠶᠢᠨ᠎ᠠ᠂ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠭᠰᠠᠨ ᠨᠠᠷᠢᠨ ᠲᠠᠩᠰᠠ ᠲᠠᠢ ᠬᠠᠷᠢᠴᠠᠭᠤᠯᠤᠨ ᠵᠦᠢᠯ ᠳᠠᠷᠠᠭᠠᠯᠠᠨ ᠪᠦᠬᠦ ᠲᠠᠯ᠎ᠠ ᠪᠠᠷ ᠥᠪᠡᠷ ᠢ ᠪᠠᠨ ᠪᠠᠶᠢᠴᠠᠭᠠᠵᠤ ᠵᠢᠭᠰᠠᠭᠠᠨ ᠪᠠᠶᠢᠴᠠᠭᠠᠵᠤ᠂ ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠵᠤ᠂ ᠵᠠᠪᠰᠠᠷ ᠦᠯᠡᠳᠡᠭᠡᠬᠦ ᠦᠭᠡᠢ ᠪᠠᠷ ᠪᠦᠬᠦ ᠲᠠᠯ᠎ᠠ ᠪᠠᠷ ᠥᠪᠡᠷ ᠢ ᠪᠠᠨ ᠪᠠᠶᠢᠴᠠᠭᠠᠬᠤ ᠬᠡᠷᠡᠭᠲᠡᠢ︔ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠴᠠᠭ ᠲᠤᠬᠠᠢ ᠳᠤᠨᠢ ᠪᠠᠶᠢᠭᠤᠯᠵᠤ᠂ ᠠᠰᠠᠭᠤᠳᠠᠯ ᠤᠨ ᠨᠠᠷᠢᠨ ᠲᠠᠩᠰᠠ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠣᠯᠤᠨ ᠬᠠᠷᠢᠭᠤᠴᠠᠯᠭᠠᠲᠠᠨ ᠢ ᠵᠢᠭᠰᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠦᠵᠡᠯ ᠰᠠᠨᠠᠭ᠎ᠠ ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠦᠵᠡᠯ ᠰᠠᠨᠠᠭ᠎ᠠ᠂ ᠦᠢᠯᠡ ᠠᠵᠢᠯᠯᠠᠭ᠎ᠠ᠂ ᠬᠠᠷᠢᠭᠤᠴᠠᠯᠭ᠎ᠠ ᠶᠢᠨ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠪᠤᠯᠤᠳ ᠬᠡᠷᠡᠮ ᠲᠡᠮᠦᠷ ᠬᠠᠨ᠎ᠠ︾᠎ ᠶᠢ ᠪᠠᠶᠢᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠡᠷᠡᠰ ᠬᠠᠮᠠᠭᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃      ᠴᠥ᠋ ᠬᠠᠶ ᠪᠥᠸᠧ ᠬᠤᠷᠠᠯ ᠡᠷᠭᠢᠯᠡᠭᠰᠡᠨ ᠪᠥᠭᠡᠳ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠲᠣᠰ ᠤᠳᠠᠭ᠎ᠠ ᠥᠷᠨᠢᠭᠦᠯᠦᠭᠰᠡᠨ ᠪᠥᠬᠦ ᠲᠤᠭᠤᠷᠢᠭ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠴᠡᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠪᠥᠬᠦ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠨᠠᠷᠢᠨ ᠲᠠᠩᠰᠠ︾᠎ ᠶᠢᠨ ᠠᠭᠤᠯᠭ᠎ᠠ ᠶᠢ ᠴᠢᠩᠭ᠎ᠠ ᠬᠠᠷᠢᠴᠠᠭᠤᠯᠤᠨ᠂ ᠵᠤᠷᠪᠤᠰ ᠳᠠᠷᠠᠭᠠᠯᠠᠨ ᠵᠠᠳᠠᠯᠵᠤ᠂ ᠵᠤᠷᠪᠤᠰ ᠳᠠᠷᠠᠭᠠᠯᠠᠨ ᠡᠮᠬᠢᠯᠡᠵᠦ᠂ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂ ᠵᠤᠷᠪᠤᠰ ᠳᠠᠷᠠᠭᠠᠯᠠᠨ ᠲᠡᠭᠦᠯᠳᠡᠷᠵᠢᠭᠦᠯᠵᠦ᠂ ᠮᠠᠨ ᠤ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠲᠣᠤᠷ ᠢ ᠤᠯᠠᠮ ᠨᠢᠭᠡ ᠠᠯᠬᠤᠮ ᠪᠠᠲᠤ ᠪᠠᠬᠢ ᠪᠥᠭᠡᠳ ᠨᠢᠭᠲᠠ ᠰᠦᠯᠵᠢᠬᠦ ᠬᠡᠷᠡᠭᠲᠡᠶ︔ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠨᠢ ᠲᠤᠰᠬᠠᠶ  ᠵᠦᠢᠯ ᠤᠨ ᠠᠵᠢᠯᠯᠠᠭ᠎ᠠ ᠶᠢ ᠬᠢᠨᠠᠨ ᠵᠢᠯᠣᠭᠤᠳᠴᠤ ᠪᠠᠶᠢᠴᠠᠭᠠᠬᠤ ᠪᠠ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠬᠦ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ︔ ᠪᠣᠯᠪᠠᠰᠤᠷᠠᠭᠤᠯᠤᠯ ᠰᠣᠷᠢᠯᠲᠠ ᠶᠢ ᠴᠢᠩᠭᠠᠷᠠᠭᠤᠯᠤᠨ᠂ ᠠᠵᠢᠯ ᠤᠨ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠯ᠎ᠡ ᠠᠵᠢᠯ ᠤᠨ ᠪᠠᠶᠢᠷᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠠᠭ ᠲᠤᠬᠠᠶ ᠳᠤᠨᠢ ᠬᠢᠵᠦ᠂ ᠪᠣᠳᠠᠲᠤ ᠪᠠᠶᠢᠯᠳᠤᠭᠠᠨᠴᠢᠯᠠᠭᠰᠠᠨ ᠰᠣᠷᠢᠯᠲᠠ ᠶᠢ ᠥᠷᠨᠢᠭᠦᠯᠬᠦ  ᠭᠦᠢᠴᠡᠳ ᠪᠡᠯᠡᠳᠬᠡᠯ ᠢ ᠦᠨᠡᠨᠬᠦ ᠰᠠᠶᠢᠲᠤᠷ ᠬᠢᠬᠦ ᠬᠡᠷᠡᠭᠲᠡᠶ᠃       ᠰᠤᠷᠪᠤᠯᠵᠢᠯᠠᠭᠴᠢ / ᠸᠧᠶ ᠱᠠᠨ᠂ ᠯᠢ ᠰᠢᠨ       ᠨᠠᠶᠢᠷᠠᠭᠤᠯᠤᠭᠴᠢ / ᠸᠠᠩ ᠵᠢᠩ       ᠬᠢᠨᠠᠨ ᠬᠠᠷᠭᠤᠭᠤᠯᠤᠭᠴᠢ / ᠴᠦ᠋ ᠴᠢ       ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ 
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1