ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠰᠢᠷ᠎ᠠ ᠤᠯᠠᠭᠠᠨ ᠫᠠᠶᠢᠰᠠ︾᠎ ᠶᠢᠨ ᠬᠠᠮᠢᠶᠠᠷᠤᠨ ᠡᠵᠡᠮᠳᠡᠬᠦ ᠲᠣᠭᠲᠠᠴᠠ ᠨᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠪᠦᠲᠦᠮᠵᠢᠲᠡᠶ ᠠᠬᠢᠭᠤᠯᠪᠠ
ᠨᠡᠶᠢᠲᠡᠯᠡᠭᠰᠡᠨ ᠴᠠᠭ᠄
2021/12/28
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠠᠵᠢᠯ ᠲᠦᠷᠦᠯ ᠤᠨ ᠰᠡᠷᠭᠡᠶᠢᠯᠡᠨ ᠡᠵᠡᠮᠳᠡᠬᠦ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠰᠢᠷ᠎ᠠ ᠤᠯᠠᠭᠠᠨ ᠫᠠᠶᠢᠰᠠ︾᠎ ᠶᠢᠨ ᠲᠦᠷᠢᠮ ᠢ ᠬᠡᠷᠡᠭᠵᠢᠭᠦᠯᠵᠦ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ᠬᠢᠨᠠᠨ ᠬᠠᠮᠢᠶᠠᠷᠬᠤ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠤᠯᠪᠠ     ᠬᠡᠰᠡᠭ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠷ ᠴᠢᠩᠭ᠎ᠠ ᠪᠢᠰᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠬᠡᠯᠪᠡᠷᠢ ᠶᠢᠨ ᠲᠡᠳᠦᠶ ᠪᠠᠶᠢᠬᠤ ᠪᠠᠶᠢᠳᠠᠯ ᠳᠤ ᠴᠢᠭᠯᠡᠭᠦᠯᠦᠨ᠂ ᠲᠤᠰ ᠲᠤᠪᠴᠢᠶ᠎ᠠ ᠠᠵᠢᠯ ᠲᠦᠷᠦᠯ ᠤᠨ ᠰᠡᠷᠭᠡᠶᠢᠯᠡᠨ ᠡᠵᠡᠮᠳᠡᠬᠦ ᠲᠠᠯ᠎ᠠ ᠪᠠᠷ ᠲᠦᠷᠭᠡᠨ ᠲᠤᠰᠬᠠᠯ ᠭᠠᠷᠭᠠᠵᠤ᠂ ᠬᠠᠨᠳᠤᠯᠭ᠎ᠠ ᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠢᠨᠠᠨ ᠬᠠᠮᠢᠶᠠᠷᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠰᠢᠷ᠎ᠠ ᠤᠯᠠᠭᠠᠨ ᠫᠠᠶᠢᠰᠠ︾᠎ ᠶᠢᠨ ᠲᠦᠷᠢᠮ ᠢ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠷᠢᠨ ᠪᠤᠰᠤ᠂ ᠵᠢᠷᠤᠮᠵᠢᠭᠤᠨ ᠪᠤᠰᠤ ᠨᠠᠶᠢᠳᠠᠪᠤᠷᠢᠵᠢᠭᠤᠯᠤᠭᠰᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠢᠯᠡᠷᠡᠭᠦᠯᠵᠦ᠂ ᠠᠩᠬ᠎ᠠ ᠤᠳᠠᠭ᠎ᠠ ︽ᠰᠢᠷ᠎ᠠ ᠫᠠᠶᠢᠰᠠ︾᠎ ᠪᠠᠷ ᠰᠡᠷᠡᠮᠵᠢᠯᠡᠭᠦᠯᠵᠦ᠂ ᠡᠵᠡᠩᠨᠡᠯᠲᠡ ᠶᠢᠨ ᠲᠠᠯᠠᠪᠤᠷ ᠲᠠᠭᠠᠨ ︽ᠰᠢᠷ᠎ᠠ ᠫᠠᠶᠢᠰᠠ︾᠎ ᠶᠢᠨ ᠲᠡᠮᠳᠡᠭ ᠨᠠᠭᠠᠭᠰᠠᠨ ᠪᠥᠭᠡᠳ ᠬᠤᠭᠤᠴᠠᠭ᠎ᠠ ᠲᠣᠭᠲᠠᠭᠠᠨ ᠥᠪᠡᠷᠲᠡᠭᠡᠨ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠪᠠ᠃ ᠪᠠᠶᠢᠴᠠᠭᠠᠯᠲᠠ ᠶᠢᠨ ᠳᠤᠮᠳᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠥᠬᠡᠶ ᠪᠤᠶᠤ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠥᠬᠡᠶ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ︽ᠤᠯᠠᠭᠠᠨ ᠫᠠᠶᠢᠰᠠ ᠪᠠᠷ ᠴᠡᠭᠴᠡᠯᠡᠬᠦ︾ ᠲᠡᠮᠳᠡᠭ ᠨᠠᠭᠠᠵᠤ᠂ ᠥᠪᠡᠷ ᠢᠶᠠᠨ ᠠᠵᠢᠯ ᠢᠶᠠᠨ ᠵᠣᠭᠰᠣᠭᠠᠨ ᠴᠡᠭᠴᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠵᠣᠬᠢᠶᠠᠨ ᠪᠠᠶᠢᠭᠤᠯᠤᠨ ᠰᠤᠷᠤᠯᠴᠠᠬᠤ ᠶᠢ ᠱᠠᠭᠠᠷᠳᠠᠪᠠ᠃ ᠤᠯᠠᠭᠠᠨ ᠰᠢᠷ᠎ᠠ ᠫᠠᠶᠢᠰᠠ ᠶᠢ ᠨᠠᠭᠠᠭᠰᠠᠨ ᠤ ᠲᠠᠷᠠᠭ᠎ᠠ᠂ ᠲᠤᠰ ᠲᠤᠪᠴᠢᠶ᠎ᠠ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠤᠯᠠᠨ ᠤᠳᠠᠭ᠎ᠠ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠠᠢ᠃    ᠣᠲᠣ ᠪᠣᠯᠲᠠᠯ᠎ᠠ᠂ ᠲᠣᠰ ᠲᠣᠪᠴᠢᠶ᠎ᠠ ᠬᠤᠯᠪᠣᠭᠳᠠᠯ ᠪᠥᠬᠦᠶ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠨᠡᠶᠢᠲᠡ 1865 ᠡᠷᠦᠭᠡ ᠪᠠᠶᠢᠴᠠᠭᠠᠵᠤ᠂ 34 ᠰᠢᠷ᠎ᠠ ᠫᠠᠶᠢᠰᠠ᠂ 6 ᠤᠯᠠᠭᠠᠨ ᠫᠠᠶᠢᠰᠠ ᠲᠠᠷᠬᠠᠭᠠᠭᠰᠠᠨ ᠪᠠᠶᠢᠨ᠎ᠠ᠃ ︽ᠰᠢᠷ᠎ᠠ ᠤᠯᠠᠭᠠᠨ ᠫᠠᠶᠢᠰᠠ︾᠎ ᠶᠢᠨ ᠲᠦᠷᠢᠮ ᠢ ᠬᠡᠷᠡᠭᠵᠢᠭᠦᠯᠦᠭᠰᠡᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠠᠪᠤᠴᠠ ᠳᠤ ᠪᠣᠳᠠᠲᠠᠶ ᠬᠡᠷᠡᠭᠵᠢᠭᠦᠯᠦᠭᠰᠡᠨ ᠦᠭᠡᠢ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠲᠦᠢᠯ ᠤᠨ ᠶᠡᠭᠡ ᠰᠦᠷᠳᠡᠭᠦᠯᠬᠦ ᠦᠢᠯᠡᠳᠦᠯ ᠦᠵᠡᠭᠦᠯᠦᠭᠰᠡᠨ ᠪᠥᠭᠡᠳ ᠥᠷᠭᠡᠨ ᠤᠯᠠᠨ ᠬᠡᠷᠡᠭᠯᠡᠭᠴᠢᠳ ᠤᠨ ᠵᠥᠪᠰᠢᠶᠡᠷᠡᠯ ᠢ ᠣᠯᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠪᠠ ᠤᠯᠠᠨ ᠲᠦᠮᠡᠨ ᠤ ᠡᠷᠡᠭᠦᠯ ᠮᠡᠨᠳᠤ ᠶᠢᠨ ᠡᠷᠬᠡ ᠠᠰᠢᠭ ᠢ ᠦᠨᠡᠨ ᠬᠦ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠨ᠎ᠠ᠃      ᠡᠬᠡ ᠪᠢᠴᠢᠭ / ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠢᠩ ᠷᠦ᠋ ᠵᠢᠶᠧ      ᠨᠠᠶᠢᠷᠠᠭᠤᠯᠤᠭᠴᠢ / ᠸᠠᠩ ᠵᠢᠩ      ᠬᠢᠨᠠᠨ ᠬᠠᠷᠭᠤᠭᠤᠯᠤᠭᠴᠢ / ᠴᠦ᠋ ᠴᠢ      ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ        
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1