| | | | | | 12 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠤᠨ ᠳᠥᠷᠪᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠾᠧᠦ ᠭᠦᠸᠧ ᠶᠢᠥ | ᠲᠣᠭᠤᠷᠢᠨ ᠵᠢᠯᠣᠭᠤᠳᠬᠤ ᠳᠤᠭᠤᠶᠢᠯᠠᠩ ᠢ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ ᠳᠣᠯᠣᠳᠤᠭᠠᠷ | ᠡᠭᠡᠯᠵᠢ ᠶᠢᠨ ᠲᠣᠭᠤᠷᠢᠨ ᠬᠢᠨᠠᠨ ᠵᠢᠯᠣᠭᠤᠳᠬᠤ ᠠᠵᠢᠯ ᠢ ᠥᠷᠨᠢᠭᠦᠯᠪᠡ᠃ ᠲᠤᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠶᠠᠨ ᠴᠧᠨ᠂ ᠲᠤᠭᠤᠷᠢᠭ ᠤᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠬᠠᠨ ᠶᠠᠨ ᠵᠢᠶᠦ᠋ᠨ | ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠤᠸᠠᠨ | ᠶᠦᠨ ᠾᠧ᠂ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠬᠢᠨᠠᠨ | ᠵᠢᠯᠣᠭᠤᠳᠪᠠ᠃ | ᠡᠩ ᠲᠡᠷᠢᠭᠦᠨ ᠳᠤ ᠬᠤᠷᠠᠯᠳᠤᠭᠤᠯᠤᠭᠰᠠᠨ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠲᠣᠭᠤᠷᠢᠨ | ᠵᠢᠯᠣᠭᠤᠳᠬᠤ ᠳᠤᠭᠤᠶᠢᠯᠠᠩ ᠤᠨ ᠬᠢᠨ ᠮᠠᠨ ᠤ ᠲᠤᠭᠤᠷᠢᠭ ᠤᠨ ᠣᠶᠢᠷ᠎ᠠ ᠶᠢᠨ ᠬᠤᠭᠤᠴᠠᠭᠠᠨ ᠤ ᠨᠠᠮ ᠤᠨ ᠲᠡᠤᠬᠡ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ | ᠲᠤᠭᠤᠷᠢᠭ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠭᠦᠢᠴᠡᠳ | ᠨᠤᠲᠠᠯᠠᠬᠤ ᠶᠢᠨ ᠬᠠᠮᠲᠤ᠂ ᠮᠠᠨ ᠤ ᠲᠤᠭᠤᠷᠢᠭ ᠤᠨ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ | ᠦᠢᠯᠡᠳᠦᠯᠭᠡ ᠶᠢᠨ ᠠᠵᠢᠯᠯᠠᠭ᠎ᠠ ᠶᠢᠨ ᠲᠠᠷᠠᠭᠠᠴᠢ ᠶᠢᠨ ᠠᠯᠬᠤᠮ ᠤᠨ ᠠᠵᠢᠯ ᠢ ᠥᠷᠨᠢᠭᠦᠯᠬᠦ ᠳᠤ ᠵᠢᠯᠣᠭᠤᠳᠬᠤ ᠰᠠᠨᠠᠯ | ᠳᠤᠷᠠᠳᠪᠠ᠃ | ᠳᠠᠷᠠᠭ᠎ᠠ ᠨᠢ᠂ ᠲᠣᠭᠤᠷᠢᠨ ᠵᠢᠭᠠᠨ ᠵᠢᠯᠣᠭᠤᠳᠬᠤ ᠳᠤᠭᠤᠶᠢᠯᠠᠩ ᠤᠷᠢᠳ ᠬᠤᠵᠢᠳ ᠲᠤᠭᠤᠷᠢᠭ ᠤᠨ ᠨᠠᠮ ᠤᠨ | ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ | ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠬᠤᠤ ᠢᠦᠢ ᠮᠠᠯ ᠠᠵᠤ ᠠᠬᠤᠢ᠂ ᠹᠧᠩ ᠹᠦ᠋ | ᠬᠤᠷᠰᠢᠶ᠎ᠠ᠂ ᠬᠤᠤ ᠲᠠᠢ ᠮᠢᠬᠠᠨ ᠤ ᠬᠤᠯᠪᠣᠭᠠᠲᠤ ᠬᠢᠵᠠᠭᠠᠷᠲᠤ ᠺᠣᠮᠫᠠᠨᠢ᠂ ᠶᠦᠨ ᠱᠠᠨ ᠵᠠᠮ ᠤᠨ ᠵᠡᠭᠡᠯᠢ ᠭᠤᠳᠤᠮᠵᠢ᠂ | ᠮᠠ ᠯᠢᠨ ᠵᠡᠭᠡᠯᠢ ᠭᠤᠳᠤᠮᠵᠢ ᠳᠤ ᠬᠦᠷᠴᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ | ᠦᠢᠯᠡᠳᠦᠯᠭᠡ ᠶᠢᠨ ᠠᠵᠢᠯᠯᠠᠭ᠎ᠠ ᠶᠢᠨ ᠬᠠᠮᠢᠶ᠎ᠠ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠵᠦ᠂ | ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ | ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ | ᠾᠧᠦ ᠭᠦᠸᠧ ᠶᠢᠥ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠵᠢᠯ ᠳᠤ ᠲᠤᠤᠱᠯᠠᠭᠤᠯᠬᠤ | ᠴᠢᠬᠤᠯᠠ ᠠᠵᠢᠯ ᠪᠣᠯᠭᠠᠵᠤ᠂ ᠦᠷᠭᠦᠯᠵᠢᠯᠡᠨ ᠬᠦᠴᠦᠯᠡᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ | ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠳᠠᠲᠠᠢ ᠶᠠᠪᠤᠳᠠᠯ ᠬᠢᠵᠦ | ᠬᠦᠴᠢᠷ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠰᠢᠨ᠎ᠡ ᠠᠬᠢᠴᠠ ᠲᠠᠢ ᠪᠣᠯᠭᠠᠵᠤ᠂ ᠭᠤᠣᠯᠳᠠᠯᠭ᠎ᠠ ᠲᠠᠢ ᠬᠥᠮᠦᠰ᠂ | ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ | ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠠᠨ | ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠭᠰᠡᠨ ᠦᠷ᠎ᠡ ᠪᠦᠲᠦᠭᠡᠯ ᠢᠶᠠᠷ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠵᠣᠯ | ᠵᠢᠷᠭᠠᠯ ᠤᠨ ᠲᠦᠷᠦᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ | ᠰᠤᠷᠪᠤᠯᠵᠢᠯᠠᠭᠴᠢ / ᠭᠤᠣ ᠹᠸᠢ | ᠨᠠᠶᠢᠷᠠᠭᠤᠯᠤᠭᠴᠢ / ᠸᠠᠩ ᠵᠢᠩ | ᠬᠢᠨᠠᠨ ᠬᠠᠷᠭᠤᠭᠤᠯᠤᠭᠴᠢ / ᠴᠦ᠋ ᠴᠢ | ᠡᠴᠦᠰ ᠤᠨ ᠰᠢᠭᠦᠯᠲᠡ / ᠲᠤᠤ ᠳ᠋ᠠ ᠶᠦᠩ | ᠢᠷᠡᠯᠲᠡ᠄ | ᠾᠥᠸᠧ ᠯᠢ ᠶᠤᠸᠠᠨ ᠪᠤᠤ ᠱᠠᠨ | ᠨᠠᠶᠢᠷᠠᠭᠤᠯᠤᠭᠴᠢ᠄ | ᠪᠤᠤ ᠯᠢᠩ ᡁᠢ | ᠬᠢᠨᠠᠨ ᠬᠠᠷᠭᠤᠭᠤᠯᠤᠭᠴᠢ᠄ | ᠸᠠᠩ ᠯᠸᠢ | ᠶᠡᠷᠤᠩᠬᠡᠢ ᠬᠢᠨᠠᠭᠴᠢ᠄ | ᠯᠢ ᠸᠧᠢ | | |