ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠶᠤᠸᠠᠨ ᠪᠦᠦ ᠱᠠᠨ ᠲᠣᠭᠤᠷᠢᠭ ᠲᠤ ᠬᠦᠷᠴᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2021/12/28
    12 ᠰᠠᠷ᠎ᠠ ᠶᠢᠨ 16᠎ ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠬᠤᠸᠠᠩ ᠬᠦᠢ ᠲᠢᠩ ᠦ᠋ ᠵᠢᠶᠠ ᠪᠠᠯᠭᠠᠰᠤ᠂ ᠫᠢᠩᠵᠤᠸᠠᠩ ᠰᠢ ᠴᠧᠩ ᠵᠡᠭᠡᠯᠢ ᠭᠤᠳᠤᠮᠵᠢ ᠳᠤ ᠬᠦᠷᠴᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃
    ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠬᠤᠸᠠᠩ ᠬᠦᠢ ᠲᠢᠩ ᠪᠦᠬᠦ ᠲᠠᠯ᠎ᠠ ᠪᠣᠯᠤᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠪᠠ︔ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠠ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠬᠤ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠥᠪᠥᠷ ᠮᠣᠩᠭᠤᠯ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠵᠡᠷᠭᠡ ᠭᠤᠷᠪᠠᠨ ᠲᠠᠯ᠎ᠠ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠲᠠᠶᠢᠯᠪᠤᠷᠢᠯᠠᠭᠰᠠᠨ ᠪᠠ ᠭᠦᠨᠵᠡᠭᠡᠢ ᠲᠠᠶᠢᠯᠪᠤᠷᠢᠯᠠᠵᠠᠢ᠃     ᠬᠤᠷᠠᠯ ᠳᠤ ᠣᠷᠣᠯᠴᠠᠭᠰᠠᠨ ᠨᠥᠬᠦᠳ ᠨᠠᠷᠢᠨ ᠬᠢᠨᠠᠮᠠᠭᠠᠶ ᠰᠣᠨᠣᠰᠤᠨ ᠲᠡᠮᠳᠡᠭᠯᠡᠵᠦ᠂ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠶᠢᠨ ᠠᠭᠤᠯᠭ᠎ᠠ ᠪᠠᠶᠠᠯᠢᠭ᠂ ᠰᠤᠳᠠᠰᠤ ᠲᠣᠳᠣᠷᠬᠠᠢ᠂ ᠲᠡᠰ ᠳᠠᠪᠬᠤᠷᠭ᠎ᠠ ᠲᠣᠳᠣᠷᠬᠠᠢ᠂ ᠮᠠᠰᠢ ᠴᠢᠩᠭ᠎ᠠ ᠲᠦᠷᠦ ᠶᠢᠨ ᠪᠤᠳᠤᠯᠭ᠎ᠠ ᠤᠨᠤᠯ ᠤᠨ ᠦᠨᠳᠦᠷᠴᠡ ᠲᠠᠢ ᠪᠥᠭᠡᠳ ᠪᠣᠳᠠᠲᠠᠢ ᠲᠠᠢ ᠨᠢᠭᠲᠠ ᠤᠶᠠᠯᠳᠤᠭᠤᠯᠵᠤ᠂ ᠰᠣᠨᠣᠰᠤᠭᠰᠠᠨ ᠤ ᠳᠠᠷᠠᠭ᠎ᠠ ᠮᠠᠰᠢ ᠶᠡᠭᠡ ᠰᠡᠩᠬᠡᠷᠡᠭᠦᠯᠦᠯ ᠣᠯᠵᠤ᠂ ᠶᠡᠭᠡ ᠣᠯᠤᠯᠲᠠ ᠲᠠᠢ ᠪᠠᠶᠢᠵᠤ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠢᠢᠯᠠᠭᠠᠨ ᠣᠨᠣᠪᠴᠢᠲᠠᠢ ᠡᠵᠡᠮᠰᠢᠬᠦ ᠳᠤ ᠬᠦᠴᠦᠲᠡᠢ ᠵᠢᠯᠤᠭᠤᠳᠤᠯᠭ᠎ᠠ ᠬᠠᠩᠭᠠᠵᠠᠢ ᠭᠡᠵᠦ ᠰᠠᠨᠠᠯ ᠨᠢᠭᠡᠲᠡᠢ ᠦᠵᠡᠪᠡ᠃ ᠤᠯᠠᠨ ᠢᠶᠠᠷ ᠢᠶᠠᠨ᠂ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠲᠠᠬᠢᠨ ᠳᠠᠪᠲᠠᠨ ᠰᠤᠷᠤᠯᠴᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠢᠨ᠎ᠡ ᠴᠠᠭ ᠦᠶ᠎ᠡ ᠶᠢᠨ ᠰᠢᠯᠢᠳᠡᠭ ᠰᠢᠯᠭᠠᠯᠲᠠ ᠶᠢᠨ ᠬᠠᠭᠤᠳᠠᠰᠤ ᠶᠢ ᠲᠤᠰᠢᠶᠠᠨ᠎ᠠ ᠭᠡᠵᠦ ᠢᠯᠡᠳᠬᠡᠵᠡᠭᠡᠪᠡ᠃      ᠰᠤᠷᠪᠤᠯᠵᠢᠯᠠᠭᠴᠢ / ᠸᠠᠩ ᠸᠧᠨ ᠢ      ᠨᠠᠶᠢᠷᠠᠭᠤᠯᠤᠭᠴᠢ / ᠸᠠᠩ ᠵᠢᠩ      ᠬᠢᠨᠠᠨ ᠬᠠᠷᠭᠤᠭᠤᠯᠤᠭᠴᠢ / ᠴᠦ᠋ ᠴᠢ      ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ    
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1