ᠶᠤᠸᠠᠨ ᠪᠦᠦ ᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/28
    12 ᠰᠠᠷ᠎ᠠ ᠶᠢᠨ 17᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠨ ᠰᠦ ᠫᠢᠩ᠂ ᠳᠡᠳ᠋ ᠡᠷᠬᠢᠯᠡᠭᠴᠢ ᠯᠢ ᠸᠧᠨ ᠵᠢᠶᠦ᠋ᠨ ᠵᠢᠴᠢ ᠭᠡᠰᠢᠭᠦᠨ ᠨᠡᠶᠢᠲᠡ 20 ᠬᠥᠮᠦᠨ ᠬᠤᠷᠠᠯ ᠳᠤ ᠣᠷᠣᠯᠴᠠᠵᠠᠶ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠦᠩ ᠮᠧᠩ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠣᠷᠣᠯᠠᠭᠴᠢ ᠪᠠᠶᠢᠴᠠᠭᠠᠬᠤ ᠳᠠᠷᠤᠭ᠎ᠠ ᠹᠠᠨ ᠰᠢᠶᠤᠤ ᠴᠢᠦ᠂ ᠲᠣᠭᠤᠷᠢᠭ ᠤᠨ ᠠᠷᠠᠳ ᠤᠨ ᠰᠢᠭᠦᠬᠦ  ᠬᠤᠷᠢᠶ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠵᠥᠪᠯᠡᠯ ᠤᠨ ᠲᠠᠰᠤᠭ᠂ ᠲᠣᠭᠤᠷᠢᠭ ᠤᠨ ᠵᠠᠰᠠᠭ ᠤᠨ ᠶᠠᠪᠤᠳᠠᠯ ᠤᠨ ᠠᠯᠪᠠᠨ ᠭᠡᠷ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    ᠬᠤᠷᠠᠯ ᠢ ᠯᠢ ᠸᠧᠨ ᠵᠢᠶᠦ᠋ᠨ ᠡᠷᠭᠢᠯᠡᠪᠡ᠃   ᠬᠤᠷᠠᠯ ᠠᠴᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠨᠠᠰᠢᠬᠢ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠶᠤᠸᠠᠨ ᠪᠦᠦ ᠱᠠᠨ ᠲᠣᠭᠤᠷᠢᠭ ᠤᠨ 2021 ᠣᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠪᠣᠯᠤᠨ 2022 ᠣᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠢ ᠮᠡᠳᠡᠭᠦᠯᠦᠯᠲᠡ᠂ ᠶᠤᠸᠠᠨ ᠪᠦᠦ ᠱᠠᠨ ᠲᠣᠭᠤᠷᠢᠭ ᠤᠨ 2021 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ 2022 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠲᠤᠬᠠᠢ ᠮᠡᠳᠡᠭᠦᠯᠦᠯᠲᠡ ᠶᠢ  ᠰᠤᠨᠤᠰᠴᠤ᠂ ᠶᠤᠸᠠᠨ ᠪᠦᠦ ᠱᠠᠨ ᠲᠣᠭᠤᠷᠢᠭ ᠤᠨ 2022 ᠣᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠪᠣᠯᠤᠨ 2022 ᠣᠨ ᠤ ᠲᠤᠭᠤᠷᠢᠭ ᠤᠨ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠢ ᠠᠩᠬ᠎ᠠ ᠠᠯᠬᠤᠮ ᠬᠢᠨᠠᠨ ᠪᠠᠶᠢᠴᠠᠭᠠᠪᠠ︔ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠶᠠᠷᠢᠯᠴᠠᠨ ᠪᠠᠲᠤᠯᠠᠵᠤ᠂ ᠢᠯᠡᠳᠬᠡᠯ ᠬᠢᠭᠴᠢ ᠶᠢ ᠲᠣᠭᠲᠠᠭᠠᠪᠠ︔ ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠢ ᠬᠤᠷᠠᠯᠳᠤᠭᠤᠯᠬᠤ ᠲᠤᠬᠠᠶ ᠬᠤᠯᠪᠣᠭᠳᠠᠯ ᠪᠦᠬᠦᠢ ᠶᠠᠪᠤᠳᠠᠯ ᠤᠳ ᠢ ᠶᠠᠷᠢᠯᠴᠠᠨ ᠪᠠᠲᠤᠯᠠᠪᠠ᠃      ᠰᠤᠷᠪᠤᠯᠵᠢᠯᠠᠭᠴᠢ / ᠴᠧᠨ ᠾᠦᠩ ᠰᠢᠨ᠂ ᠯᠢᠦ ᠰᠧ ᠢᠦᠶ ︵ᠳᠠᠳᠤᠯᠭ᠎ᠠ︶      ᠨᠠᠶᠢᠷᠠᠭᠤᠯᠤᠭᠴᠢ / ᠸᠠᠩ ᠵᠢᠩ      ᠬᠢᠨᠠᠨ ᠬᠠᠷᠭᠤᠭᠤᠯᠤᠭᠴᠢ / ᠴᠦ᠋ ᠴᠢ      ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ    
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1