ᠶᠤᠸᠠᠨ ᠪᠦᠦ ᠱᠠᠨ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠡᠷᠬᠢᠯᠡᠭᠴᠢᠳ ᠤᠨ ᠬᠤᠷᠠᠯ ᠬᠤᠷᠠᠯᠳᠤᠭᠤᠯᠪᠠ ︵ᠨᠢᠭᠡ︶
ᠨᠡᠶᠢᠲᠡᠯᠡᠭᠰᠡᠨ ᠴᠠᠭ᠄
2021/12/28
    12 ᠰᠠᠷ᠎ᠠ ᠶᠢᠨ 16᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠡᠷᠬᠢᠯᠡᠭᠴᠢᠳ ᠤᠨ ᠬᠤᠷᠠᠯ ᠢ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠡᠷᠬᠢᠯᠡᠭᠴᠢ ᠼᠤᠤ ᡁᠢ ᠶᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠱᠦᠵᠢ᠂ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠳᠡᠳ᠋ ᠡᠷᠬᠢᠯᠡᠭᠴᠢ ᠶᠢᠨ ᠶᠠᠨ ᠴᠧᠨ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠠᠯᠪᠠᠨ ᠭᠡᠷ ᠤᠨ ᠡᠷᠬᠢᠯᠡᠭᠴᠢ ᠯᠤᠸᠠᠨ ᠶᠦᠨ ᠾᠧ ᠬᠤᠷᠠᠯ ᠳᠤ ᠣᠷᠣᠯᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠥᠷᠭᠡᠳᠬᠡᠬᠦ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠥᠷᠭᠡᠳᠬᠡᠬᠦ ᠲᠤᠬᠠᠢ ᠰᠠᠨᠠᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠮᠠᠨ ᠤ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠶᠤᠸᠠᠨ ᠪᠦᠦ ᠱᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠥᠷᠭᠡᠳᠬᠡᠬᠦ ᠲᠤᠬᠠᠢ ᠬᠡᠷᠡᠭᠵᠢᠭᠦᠯᠬᠦ ᠲᠥᠰᠦᠯ︾ ︵ᠬᠢᠨᠠᠭᠤᠯᠬᠤ ᠪᠠᠷ ᠬᠦᠷᠭᠡᠬᠦ ᠨᠤᠤᠷᠠᠭ︶᠎ ᠢ ᠬᠢᠨᠠᠨ ᠵᠥᠪᠯᠡᠵᠦ ᠪᠠᠲᠤᠯᠠᠪᠠ᠃    ᠼᠤᠤ ᡁᠢ ᠶᠦᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠪᠤᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠨᠢᠭᠡᠨ ᠴᠢᠬᠤᠯᠠ  ᠰᠢᠢᠳᠪᠦᠷᠢᠲᠦ ᠪᠣᠳᠣᠯᠭ᠎ᠠ ᠮᠥᠨ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠦᠨᠳᠦᠰᠦᠨ ᠱᠠᠲᠤ ᠶᠢ ᠠᠮᠢᠳᠤᠯᠢᠭ ᠪᠣᠯᠭᠠᠵᠤ᠂ ᠰᠠᠭᠤᠷᠢ ᠶᠢ ᠪᠠᠲᠤᠳᠬᠠᠬᠤ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠮᠥᠨ᠂ ᠦᠨᠳᠦᠰᠦᠨ ᠱᠠᠲᠤᠨ ᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠠᠷᠭ᠎ᠠ ᠵᠠᠮ ᠮᠥᠨ᠂ ᠬᠤᠲᠠ ᠬᠥᠳᠡᠭᠡ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠴᠢᠬᠤᠯᠠ ᠭᠠᠷᠳᠠᠴᠠ ᠮᠥᠨ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠶᠢᠨ ᠪᠣᠳᠠᠲᠤ ᠬᠡᠷᠡᠭᠴᠡᠭᠡ ᠮᠥᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠪᠠᠶᠢᠭᠤᠯᠬᠤ ᠪᠣᠯ ᠡᠷᠬᠡᠪᠰᠢ ᠤᠯᠤᠰ ᠲᠥᠷᠥ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠭᠦᠨᠵᠡᠭᠡᠶ ᠲᠠᠨᠢᠬᠤ ᠶᠢᠨ ᠬᠠᠮᠲᠤ ᠬᠦᠴᠦᠯᠡᠨ ᠰᠠᠶᠢᠲᠤᠷ ᠬᠢᠬᠦ ᠴᠢᠬᠤᠯᠠ ᠠᠵᠢᠯ ᠮᠥᠨ ᠭᠡᠳᠡᠭ ᠢ  ᠪᠦᠬᠦ ᠲᠤᠭᠤᠷᠢᠭ ᠤᠨ ᠳᠡᠭᠡᠳᠦ ᠳᠣᠣᠷᠠᠳᠤ ᠱᠠᠲᠤᠨ ᠤ ᠬᠢᠨ ᠲᠣᠳᠣᠷᠬᠠᠶ ᠲᠠᠨᠢᠬᠤ ᠬᠡᠷᠡᠭᠲᠡᠶ᠃    ᠼᠤᠤ ᡁᠢ ᠶᠦᠩ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠪᠠᠶᠢᠭᠤᠯᠬᠤ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠨᠢᠭᠡ ᠴᠤᠬᠴᠠᠵᠢᠭᠤᠯᠤᠨ ᠠᠬᠢᠭᠤᠯᠬᠤ ᠶᠢ ᠬᠡᠷᠡᠭᠵᠢᠭᠦᠯᠵᠦ᠂ ᠭᠤᠷᠪᠠᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠬᠦᠴᠦᠷᠬᠡᠭᠵᠢᠭᠦᠯᠵᠦ᠂ ᠪᠠᠶᠢᠩᠭᠤᠵᠢᠭᠤᠯᠬᠤ ᠲᠣᠭᠲᠠᠴᠠ ᠶᠢ ᠰᠦᠪᠡᠭᠴᠢᠯᠡᠵᠦ᠂ ᠠᠵᠢᠯ ᠤᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠣᠲᠣ ᠶᠢᠨ ᠪᠠᠶᠢᠭ᠎ᠠ ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠵᠢᠯᠣᠭᠤᠳᠤᠨ ᠳᠣᠭᠢᠷᠠᠭᠤᠯᠬᠤ ᠲᠠᠪᠴᠠᠩ ᠢ ᠰᠠᠶᠢᠲᠤᠷ ᠠᠰᠢᠭᠯᠠᠨ᠂ ᠵᠢᠭᠰᠠᠭᠠᠯ ᠤᠨ ᠭᠠᠵᠠᠷ ᠤᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠦᠢᠯᠡᠳᠦᠯᠭᠡ ᠶᠢᠨ ᠵᠢᠭᠰᠠᠭᠠᠯ ᠤᠨ ᠭᠠᠵᠠᠷ ᠢ ᠬᠦᠴᠦᠯᠡᠨ ᠰᠠᠶᠢᠲᠤᠷ ᠪᠠᠶᠢᠭᠤᠯᠬᠤ ᠬᠡᠷᠡᠭᠲᠡᠶ᠃ ︽ᠪᠠᠶᠢᠭᠤᠯᠬᠤ᠂ ᠬᠠᠮᠢᠶᠠᠷᠬᠤ᠂ ᠬᠡᠷᠡᠭᠯᠡᠬᠦ︾ ᠡᠯ᠎ᠡ ᠭᠤᠭᠴᠤᠭ᠎ᠠ ᠶᠢ ᠰᠠᠶᠢᠲᠤᠷ ᠠᠳᠬᠤᠬᠤ ᠪᠠᠷ ᠳᠠᠮᠵᠢᠭᠤᠯᠤᠨ᠂ ᠰᠠᠶᠢᠨ ᠳᠤᠷ᠎ᠠ ᠶᠢᠨ  ᠦᠢᠯᠡᠴᠢᠡᠯᠭᠡᠨ ᠤ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠶ᠃ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠤᠯᠠᠨ ᠲᠦᠮᠡᠨ ᠤ ᠬᠦᠷᠢᠶᠡᠯᠡᠯ ᠢᠶᠠᠷ ᠰᠠᠭᠤᠷᠢ ᠪᠣᠯᠭᠠᠵᠤ᠂ ᠲᠦᠷᠦᠯ ᠲᠡᠮᠳᠡᠭ ᠤᠨ ᠲᠦᠷᠦᠯ ᠵᠦᠢᠯ ᠢ ᠬᠦᠴᠦᠯᠡᠨ ᠰᠠᠶᠢᠲᠤᠷ ᠡᠭᠦᠳᠬᠦ ᠬᠡᠷᠡᠭᠲᠡᠢ ᠭᠡᠵᠤ ᠴᠢᠬᠤᠯᠠᠴᠢᠯᠠᠪᠠ᠃        ᠰᠤᠷᠪᠤᠯᠵᠢᠯᠠᠭᠴᠢ / ᠵᠠᠩ ᠪᠥᠸᠧ᠂ ᠯᠢ ᠰᠢᠨ        ᠨᠠᠶᠢᠷᠠᠭᠤᠯᠤᠭᠴᠢ / ᠸᠠᠩ ᠵᠢᠩ        ᠬᠢᠨᠠᠨ ᠬᠠᠷᠭᠤᠭᠤᠯᠤᠭᠴᠢ / ᠴᠦ᠋ ᠴᠢ        ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ     
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1