ᠶᠤᠸᠠᠨ ᠪᠦᠦ ᠱᠠᠨ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠡᠷᠬᠢᠯᠡᠭᠴᠢᠳ ᠤᠨ ᠬᠤᠷᠠᠯ ᠬᠤᠷᠠᠯᠳᠤᠭᠤᠯᠪᠠ ︵ᠬᠤᠶᠠᠷ︶
ᠨᠡᠶᠢᠲᠡᠯᠡᠭᠰᠡᠨ ᠴᠠᠭ᠄
2021/12/28
     ᠼᠤᠤ ᡁᠢ ᠶᠦᠩ᠂ ᠪᠦᠬᠦ ᠲᠤᠭᠤᠷᠢᠭ ᠢᠶᠠᠷ ᠢᠶᠠᠨ ᠪᠦᠬᠦ ᠲᠠᠯ᠎ᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠬᠦᠴᠦᠯᠡᠭᠦᠯᠵᠦ᠂ ᠠᠴᠢᠶᠠᠯᠠᠪᠤᠷᠢ ᠪᠠᠨ ᠪᠠᠶᠠᠯᠢᠭᠵᠢᠭᠤᠯᠤᠨ᠂ ᠰᠡᠳᠬᠢᠯ ᠲᠠᠯᠪᠢᠨ  ᠦᠢᠯᠡᠴᠢᠯᠡᠬᠦ ᠳᠤ ᠲᠦᠪᠯᠡᠷᠡᠭᠦᠯᠦᠨ᠂ ᠯᠠᠪᠳᠠᠭᠤᠨ ᠪᠠᠲᠤᠲᠠᠢ ᠠᠵᠢᠯᠯᠠᠬᠤ ᠪᠠᠷ ᠳᠠᠮᠵᠢᠨ᠂ ᠮᠠᠨ ᠤ ᠲᠤᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ᠃ ᠲᠤᠭᠤᠷᠢᠭ ᠤᠨ ᠨᠠᠮ ᠤᠨ  ᠬᠤᠷᠢᠶ᠎ᠠ ᠶᠢᠨ ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠷᠢᠭᠤᠴᠠᠯᠭᠠᠲᠠᠨ  ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠡᠶ᠎ᠡ ᠪᠠᠷ ᠢᠶᠠᠨ ᠭᠤᠤᠯᠯᠠᠨ ᠠᠳᠬᠤᠵᠤ᠂ ᠡᠯ᠎ᠡ ᠦᠢᠯᠡᠳᠦᠯᠭᠡ ᠶᠢᠨ ᠭᠠᠵᠠᠷ ︵ᠥᠷᠲᠡᠭᠡ︶ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠶᠢ ᠳᠥᠯᠭᠢᠨ ᠠᠬᠢᠭᠤᠯᠵᠤ᠂ ᠥᠪᠡᠷᠮᠢᠴᠡ ᠣᠨᠴᠠᠯᠢᠭ ᠲᠠᠢ ᠪᠣᠯᠪᠠᠰᠤᠨ ᠦᠢᠯᠡᠳᠦᠯᠭᠡ ᠶᠢᠨ ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠪᠣᠶ ᠪᠣᠯᠭᠠᠬᠤ ᠬᠡᠷᠡᠭᠲᠡᠶ᠃  ᠰᠦᠯᠵᠢᠶ᠎ᠡ᠂ ᠷᠠᠳᠢᠣ᠋ ᠨᠡᠪᠲᠡᠷᠡᠭᠦᠯᠭᠡ᠂ ᠲᠧᠯᠸᠢᠰ᠂ ᠤᠬᠠᠭᠤᠯᠭ᠎ᠠ ᠶᠢᠨ ᠪᠤᠯᠤᠩ ᠵᠡᠷᠭᠡ ᠡᠯ᠎ᠡ ᠲᠦᠷᠦᠯ ᠤᠨ ᠤᠬᠠᠭᠤᠯᠭ᠎ᠠ ᠶᠢᠨ ᠠᠴᠢᠶᠠᠯᠠᠪᠤᠷᠢ ᠪᠣᠯᠤᠨ ᠰᠣᠶᠣᠯ ᠤᠨ ᠵᠢᠭᠰᠠᠭᠠᠯ ᠤᠨ ᠭᠠᠵᠠᠷ ᠢ ᠶᠡᠷᠦᠩᠬᠡᠶᠢᠯᠡᠨ ᠠᠰᠢᠭᠯᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠲᠤᠬᠠᠢ ᠤᠬᠠᠭᠤᠯᠭ᠎ᠠ ᠮᠡᠳᠡᠭᠡᠯᠡᠯ ᠢ ᠳᠡᠭᠡᠳᠦ ᠨᠢᠭᠲᠠᠴᠠ᠂ ᠪᠦᠬᠦ ᠲᠠᠯ᠎ᠠ ᠪᠠᠷ᠂ ᠶᠡᠭᠡ ᠡᠷᠴᠢᠮ ᠢᠶᠠᠷ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠦᠭᠰᠡᠨ ᠪᠦᠲᠦᠮᠵᠢᠲᠡᠶ ᠠᠷᠭ᠎ᠠ ᠬᠢᠳᠡᠯ ᠪᠠ ᠠᠮᠢᠳᠤ ᠰᠣᠷᠭᠤᠭ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠶ᠃ ᠲᠣᠰᠬᠤᠨ ᠤ ᠣᠷᠣᠨ ᠰᠠᠭᠤᠴᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠡᠯ᠎ᠡ ᠲᠦᠷᠦᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠬᠦ ᠬᠡᠷᠡᠭᠲᠡᠢ ᠭᠡᠵᠤ ᠱᠠᠭᠠᠷᠳᠠᠪᠠ᠃      ᠶᠢᠨ ᠶᠠᠨ ᠴᠧᠨ ᠬᠤᠷᠠᠯ ᠢ ᠡᠷᠬᠢᠯᠡᠭᠰᠡᠨ ᠪᠥᠭᠡᠳ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ  ᠨᠢᠭᠡᠴᠢ ᠶᠢ ᠳᠡᠭᠡᠳᠦ ᠱᠠᠲᠤᠨ ᠤ ᠲᠧᠯᠸᠢᠰ ᠤᠲᠠᠰᠤ ᠬᠤᠷᠠᠯ ᠪᠣᠯᠤᠨ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠤᠢᠢᠯᠠᠭᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠰᠢᠵᠦ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠨᠢᠭᠡᠳᠬᠡᠵᠦ᠂ ᠭᠦᠨᠵᠡᠭᠡᠢ ᠰᠡᠳᠬᠢᠵᠦ᠂ ᠦᠢᠯᠡᠳᠦᠯᠭᠡ ᠪᠠᠨ ᠵᠢᠯᠣᠭᠤᠳᠴᠤ᠂ ᠠᠵᠢᠯ ᠢᠶᠠᠨ ᠠᠬᠢᠭᠤᠯᠬᠤ ᠬᠡᠷᠡᠭᠲᠡᠢ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠨ᠎ᠡ ᠪᠠᠶᠢᠷᠢᠯᠠᠭᠤᠯᠤᠯᠲᠠ ᠶᠢ ᠰᠠᠶᠢᠲᠤᠷ ᠲᠤᠤᠱᠯᠠᠭᠤᠯᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ  ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠡᠭᠦᠷᠭᠡ ᠨᠢᠭᠡᠪᠦᠷᠢ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠵᠤ᠂ ᠪᠦᠬᠦ ᠲᠤᠭᠤᠷᠢᠭ ᠤᠨ ᠬᠡᠪᠴᠢᠶᠡᠨ ᠳᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠥᠷᠭᠡᠳᠬᠡᠬᠦ ᠠᠵᠢᠯ ᠤᠨ ᠬᠠᠯᠠᠭᠤᠨ ᠥᠷᠨᠢᠯᠲᠡ ᠶᠢ ᠪᠤᠢ ᠪᠣᠯᠭᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠢ ᠲᠥᠯᠥᠪᠵᠢᠭᠦᠯᠦᠨ ᠪᠠᠶᠢᠷᠢᠯᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠲᠦᠷᠦᠯ ᠬᠤᠪᠢᠶᠠᠨ ᠵᠢᠯᠣᠭᠤᠳᠬᠤ ᠶᠢ ᠴᠢᠩᠭᠠᠳᠬᠠᠬᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠬᠦᠴᠦᠲᠡᠢ ᠡᠮᠬᠢ ᠵᠢᠷᠤᠮ ᠲᠠᠢ ᠪᠠᠷ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠠᠵᠢᠯ ᠤᠨ ᠤᠷᠤᠭᠰᠢ ᠠᠬᠢᠬᠤ᠂ ᠳᠡᠭᠲᠡᠷ ᠲᠤ ᠭᠠᠷᠬᠤ᠂ ᠬᠤᠪᠢ ᠨᠡᠮᠡᠷᠢ ᠦᠵᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠡᠮᠦᠨ᠎ᠡ᠂ ᠼᠤᠤ ᡁᠢ ᠶᠦᠩ ᠪᠠᠰᠠ  ᠫᠢᠩᠵᠤᠸᠠᠩ ᠬᠤᠳᠠ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ  ᠵᠢᠶ ᠰᠢᠶᠠᠩ  ᠨᠡᠶᠢᠭᠡᠮ ᠲᠣᠭᠤᠷᠢᠭ᠂ ᠫᠢᠩᠵᠤᠸᠠᠩ ᠰᠢ ᠴᠧᠩ ᠵᠡᠭᠡᠯᠢ ᠭᠤᠳᠤᠮᠵᠢ ᠶᠢᠨ ᠸᠠᠩ ᠹᠦ᠋ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠫᠢᠩᠵᠤᠸᠠᠩ ᠰᠢ ᠴᠧᠩ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠫᠢᠩᠵᠤᠸᠠᠩ ᠪᠠᠯᠭᠠᠰᠤ ᠶᠢᠨ ᠴᠢᠶᠠᠨ ᠶᠢᠨ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠭᠦᠨᠵᠡᠭᠡᠶᠢᠷᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠬᠦᠷᠴᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠦᠷᠳᠡᠭᠡ︶᠎ ᠤᠨ ᠬᠠᠲᠠᠭᠤ ᠲᠤᠨᠤᠭ ᠲᠥᠬᠦᠭᠡᠷᠦᠮᠵᠢ᠂ ᠡᠩᠨᠡᠭᠡ ᠵᠣᠬᠢᠶᠠᠨ ᠪᠠᠶᠢᠭᠤᠯᠤᠭᠰᠠᠨ᠂ ᠠᠵᠢᠯᠯᠠᠭ᠎ᠠ ᠥᠷᠨᠢᠭᠦᠯᠦᠭᠰᠡᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃       ᠰᠤᠷᠪᠤᠯᠵᠢᠯᠠᠭᠴᠢ / ᠵᠠᠩ ᠪᠥᠸᠧ᠂ ᠯᠢ ᠰᠢᠨ       ᠨᠠᠶᠢᠷᠠᠭᠤᠯᠤᠭᠴᠢ / ᠸᠠᠩ ᠵᠢᠩ       ᠬᠢᠨᠠᠨ ᠬᠠᠷᠭᠤᠭᠤᠯᠤᠭᠴᠢ / ᠴᠦ᠋ ᠴᠢ       ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ    
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1