︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠭᠤᠷᠬᠠᠶ ᠶᠢᠨ ᠣᠷᠴᠢᠨ ᠲᠣᠭᠤᠷᠢᠨ ᠤ ᠲᠤᠰᠬᠠᠶ ᠵᠠᠰᠠᠯᠲᠠ ᠶᠢᠨ ᠲᠥᠰᠦᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/2/19
      ᠨᠢᠭᠡ᠂ ᠲᠣᠭᠲᠠᠭᠠᠭᠰᠠᠨ ᠠᠬᠤᠶ ᠪᠠᠶᠢᠳᠠᠯ       ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ᠂ ᠰᠢ ᠶᠢᠨ ᠫᠢᠩ ᠤ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠶᠤᠸᠠᠨ ᠪᠦᠦ ᠱᠠᠨ ᠲᠣᠭᠤᠷᠢᠭ ᠤᠨ ᠠᠭᠤᠷᠬᠠᠶ ᠶᠢᠨ ᠣᠷᠴᠢᠨ ᠲᠣᠭᠤᠷᠢᠨ ᠤ ᠵᠠᠰᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠭᠤᠷᠬᠠᠶ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠪᠣᠬᠢᠷᠲᠤᠯ ᠥᠬᠡᠶ ᠬᠥᠭᠵᠢᠯᠲᠡ ᠶᠢ ᠲᠦᠷᠭᠡᠳᠬᠡᠨ᠂ ᠠᠭᠤᠷᠬᠠᠶ ᠶᠢ ᠣᠷᠳᠣ ᠬᠤᠭᠤᠴᠠᠭ᠎ᠠ ᠪᠠᠷ ᠬᠡᠲᠦ ᠨᠡᠭᠡᠭᠡᠨ ᠬᠥᠭᠵᠢᠭᠦᠯᠦᠭᠡᠳ ᠪᠣᠶ ᠪᠣᠯᠤᠭᠰᠠᠨ ᠶᠡᠭᠡ ᠬᠡᠮᠵᠢᠶᠡᠨ ᠤ ᠠᠭᠤᠷᠬᠠᠶ ᠶᠢᠨ ᠨᠦᠬᠡ ᠵᠢᠴᠢ ᠣᠶ ᠰᠢᠭᠤᠶ᠂ ᠠᠭᠤᠷᠬᠠᠶ ᠶᠢᠨ ︽ᠭᠤᠷᠪᠠᠨ ᠬᠠᠶᠠᠭᠳᠠᠮᠠᠯ︾᠎ ᠤᠨ ᠪᠣᠬᠢᠷᠲᠤᠯ᠂ ᠬᠥᠷᠥᠰᠥ ᠰᠢᠷᠣᠶ ᠶᠢᠨ ᠢᠳᠡᠭᠳᠡᠯ ᠵᠡᠷᠭᠡ ᠠᠭᠤᠷᠬᠠᠶ ᠶᠢᠨ ᠣᠷᠴᠢᠨ ᠲᠣᠭᠤᠷᠢᠨ ᠢ ᠡᠪᠳᠡᠬᠦ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠶᠢᠨ ᠲᠥᠯᠥᠭᠡ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃       ᠬᠤᠶᠠᠷ᠂ ᠶᠡᠷᠦᠩᠬᠡᠶ ᠱᠠᠭᠠᠷᠳᠠᠯᠭ᠎ᠠ       2025 ᠣᠨ ᠪᠣᠯᠬᠤ ᠳᠤ᠂ ᠪᠦᠬᠦ ᠣᠷᠣᠨ ᠤ ᠦᠢᠯᠡᠳᠪᠦᠷᠢᠯᠡᠯ ᠤᠨ ᠠᠭᠤᠷᠬᠠᠶ ᠶᠢᠨ ᠣᠷᠴᠢᠨ ᠲᠣᠭᠤᠷᠢᠨ ᠢ ᠪᠦᠲᠦᠮᠵᠢᠲᠡᠶ ᠬᠠᠮᠠᠭᠠᠯᠠᠨ ᠵᠠᠰᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃        ᠭᠤᠷᠪᠠ᠂ ᠠᠵᠢᠯ ᠤᠨ ᠵᠠᠷᠴᠢᠮ        ︵ᠨᠢᠭᠡ︶ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠪᠠᠷ ᠬᠥᠭᠵᠢᠭᠦᠯᠬᠦ ᠶᠢ ᠪᠠᠷᠢᠮᠲᠠᠯᠠᠨ᠎ᠠ᠃        ︵ᠬᠤᠶᠠᠷ︶ ᠬᠠᠷᠢᠭᠤᠴᠠᠯᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠨ᠎ᠠ᠃        ︵ᠭᠤᠷᠪᠠ︶ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ ᠭᠤᠤᠯᠳᠠᠯᠭ᠎ᠠ ᠶᠢ ᠳᠣᠪᠤᠶᠢᠯᠭᠠᠨ᠎ᠠ᠃        ︵ᠳᠥᠷᠪᠡ︶ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠲᠥᠷᠥᠯ ᠬᠤᠪᠢᠶᠠᠨ ᠵᠠᠰᠠᠬᠤ ᠶᠢ ᠪᠠᠷᠢᠮᠲᠠᠯᠠᠨ᠎ᠠ᠃        ᠳᠥᠷᠪᠡ᠂ ᠭᠤᠤᠯᠳᠠᠯᠭ᠎ᠠ ᠲᠠᠢ ᠡᠭᠦᠷᠭᠡ        ︵ᠨᠢᠭᠡ︶ ᠠᠭᠤᠷᠬᠠᠶ ᠶᠢᠨ ᠣᠷᠴᠢᠨ ᠲᠣᠭᠤᠷᠢᠨ ᠢ ᠲᠤᠰᠬᠠᠶ ᠵᠦᠢᠯ ᠢᠶᠠᠷ ᠵᠠᠰᠠᠬᠤ ᠲᠥᠰᠦᠯ ᠢ ᠨᠠᠶᠢᠷᠠᠭᠤᠯᠤᠨ ᠵᠣᠬᠢᠶᠠᠨ᠎ᠠ᠃        ︵ᠬᠤᠶᠠᠷ︶ ᠦᠢᠯᠡᠳᠪᠦᠷᠢᠯᠡᠯ ᠠᠭᠤᠷᠬᠠᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃        ︵ᠭᠤᠷᠪᠠ︶ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃        ︵ᠳᠥᠷᠪᠡ︶ ᠲᠡᠤᠬᠡᠨ ᠠᠴᠠ ᠦᠯᠡᠳᠡᠭᠳᠡᠵᠦ ᠢᠷᠡᠭᠰᠡᠨ ᠪᠠ ᠬᠠᠷᠢᠭᠤᠴᠠᠯᠭ᠎ᠠ ᠥᠬᠡᠶ ᠭᠤᠤᠯ ᠴᠣᠭᠴᠠ ᠪᠣᠯᠬᠤ ᠠᠭᠤᠷᠬᠠᠶ ᠶᠢ ᠵᠠᠰᠠᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ᠎ᠡ᠃        ︵ᠲᠠᠪᠤ︶ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃        1. ᠭᠤᠣᠯᠳᠠᠯᠭ᠎ᠠ ᠲᠠᠢ ᠣᠷᠣᠨ ᠪᠦᠰᠡ ᠶᠢᠨ ᠵᠠᠳᠠᠭᠠᠶ ᠠᠭᠤᠷᠬᠠᠶ ᠶᠢ ᠨᠡᠭᠡᠭᠡᠨ ᠮᠠᠯᠲᠠᠭᠰᠠᠨ ᠠᠴᠠ ᠪᠣᠯᠤᠭᠰᠠᠨ ︽ᠶᠡᠭᠡ ᠨᠦᠬᠡ︾᠎ ᠶᠢ ᠵᠠᠰᠠᠨ᠎ᠠ᠃        2. ᠭᠤᠤᠯᠳᠠᠯᠭ᠎ᠠ ᠲᠠᠢ ᠣᠷᠣᠨ ᠪᠦᠰᠡ ᠶᠢᠨ ᠵᠠᠳᠠᠭᠠᠶ ᠠᠭᠤᠷᠬᠠᠶ ᠶᠢᠨ ᠰᠢᠷᠣᠶ ᠭᠠᠳᠠᠭᠰᠢᠯᠠᠭᠤᠯᠬᠤ ᠲᠠᠯᠠᠪᠠᠶ ᠶᠢ ᠥᠨᠳᠥᠷ ᠪᠠᠷᠢᠮᠵᠢᠶ᠎ᠠ ᠪᠠᠷ ᠵᠠᠰᠠᠨ᠎ᠠ᠃       3. ︽ᠭᠤᠷᠪᠠᠨ ᠱᠤᠭᠤᠮ ᠨᠢᠭᠡ ᠲᠠᠯ᠎ᠠ︾ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠤ ᠠᠭᠤᠷᠬᠠᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠨ᠎ᠠ᠃       4. ︽ᠨᠡᠭᠦᠷᠡᠰᠦᠨ ᠠᠭᠤᠷᠬᠠᠶ ᠶᠢᠨ ᠭᠠᠯ ᠤᠨᠲᠠᠷᠠᠭᠠᠬᠤ ᠢᠨᠵᠧᠨᠧᠷᠢᠩ︾ ᠪᠣᠯᠤᠨ ︽ᠨᠡᠭᠦᠷᠡᠰᠦᠨ ᠠᠭᠤᠷᠬᠠᠶ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ ᠢᠨᠵᠧᠨᠧᠷᠢᠩ︾᠎ ᠠᠴᠠ ᠪᠤᠢ ᠪᠣᠯᠤᠭᠰᠠᠨ ᠵᠠᠳᠠᠭᠠᠶ ᠱᠠᠭᠠᠯᠤᠭᠰᠠᠨ ᠨᠦᠭᠡ ᠶᠢ ᠵᠠᠰᠠᠨ᠎ᠠ᠃       5.ᠠᠭᠤᠷᠬᠠᠶ ᠶᠢᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠨ᠎ᠠ᠃       ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠲᠠ ᠵᠣᠬᠢᠴᠠᠭᠤᠯᠤᠨ ᠬᠠᠮᠵᠢᠯᠴᠠᠨ᠎ᠠ᠃       ︵ᠬᠤᠶᠠᠷ︶ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃       ︵ᠭᠤᠷᠪᠠ︶ ᠪᠠᠯᠠ ᠮᠥᠩᠭᠦ ᠶᠢᠨ ᠠᠷᠭ᠎ᠠ ᠵᠠᠮ ᠢ ᠥᠷᠭᠡᠳᠬᠡᠵᠦ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃      ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ᠃      ᠲᠥᠷᠥ ᠶᠢᠨ ᠪᠣᠳᠣᠯᠭ᠎ᠠ ᠶᠢᠨ ᠣᠭ ᠵᠣᠬᠢᠶᠠᠯ᠄ http://www.ybs.gov.cn/ybsqzf/438763/438823/439495/553313/773649/index.html
 
ᠢᠷᠡᠯᠲᠡ᠄ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1