ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠲᠠᠪᠤᠳᠤᠭᠠᠷ ᠬᠤᠭᠤᠴᠠᠭᠠᠨ ᠤ ᠾᠧ ᠷᠦᠨ ᠲᠠᠷᠢᠶᠠᠯᠠᠩ ᠤᠨ ᠵᠢᠶᠠ ᠨᠢᠶᠠᠨ ᠬᠤᠸᠠ ᠢᠳᠡᠭᠡᠨ ᠤ ᠠᠮᠤᠷ ᠲᠦᠪᠰᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ‌ᠡᠵᠡᠮᠳᠡᠬᠦ ᠱᠠᠯᠠᠪᠳᠠᠭᠤᠯᠤᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2021/2/23
           ᠲᠠᠪᠤᠳᠤᠭᠠᠷ ᠬᠤᠭᠤᠴᠠᠭᠠᠨ ᠤ ᠾᠧ ᠷᠦᠨ ᠵᠢᠶᠠ ᠨᠢᠶᠠᠨ ᠬᠤᠸᠠ ᠶᠢ 2 ᠰᠠᠷ᠎ᠠ ᠶᠢᠨ 13᠎ ᠤ ᠡᠳᠦᠷ ᠠᠴᠠ ᠡᠬᠢᠯᠡᠨ ᠠᠵᠢᠯᠯᠠᠭᠤᠯᠵᠤ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠡᠷᠲᠡ ᠠᠴᠠ ᠣᠷᠣᠯᠴᠠᠬᠤ᠂ ᠡᠷᠲᠡ ᠠᠴᠠ ᠰᠡᠷᠭᠡᠶᠢᠯᠡᠨ ᠡᠵᠡᠮᠳᠡᠬᠦ᠂ ᠡᠷᠲᠡ ᠠᠴᠠ ᠳᠠᠩᠰᠠᠯᠠᠭᠤᠯᠬᠤ ᠵᠠᠷᠴᠢᠮ ᠶᠣᠰᠣᠭᠠᠷ ᠾᠧ ᠷᠦᠨ ᠵᠢᠶᠠ ᠨᠢᠶᠠᠨ ᠬᠤᠸᠠ ᠶᠢᠨ ᠢᠳᠡᠭᠡᠨ ᠤ ᠠᠮᠤᠷ ᠲᠦᠪᠰᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠯᠠᠪᠳᠠᠭᠤᠯᠤᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠯᠠᠪᠳᠠᠭᠤᠨ ᠪᠠᠲᠤᠲᠠᠢ ᠪᠦᠬᠦ ᠲᠠᠯ᠎ᠠ ᠪᠠᠷ ᠥᠷᠨᠢᠭᠦᠯᠵᠡᠢ᠃           ᠾᠧ ᠷᠦᠨ ᠵᠢᠶᠠ ᠨᠢᠶᠠᠨ ᠬᠤᠸᠠ ᠵᠢᠩᠬᠢᠨᠢ ᠪᠠᠷ ᠡᠵᠡᠩᠨᠡᠯᠲᠡ ᠶᠢᠨ ᠡᠬᠢᠨ ᠤ ᠬᠤᠭᠤᠴᠠᠭᠠᠨ ᠳᠤ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠤᠷᠢᠳᠴᠢᠯᠠᠨ ᠣᠷᠣᠵᠤ ᠰᠠᠭᠤᠭᠰᠠᠨ ᠾᠧ ᠷᠦᠨ ᠵᠢᠶᠠ ᠨᠢᠶᠠᠨ ᠬᠤᠸᠠ ᠢᠳᠡᠭᠡᠨ ᠤᠮᠳᠠᠭᠠᠨ ᠤ ᠨᠢᠭᠡᠴᠢ᠂ ᠢᠳᠡᠭᠡᠨ ᠤ ᠭᠦᠢᠯᠭᠡᠭᠡᠨ ᠤ ᠡᠷᠦᠬᠡ ᠳᠤ ᠤᠷᠤᠵᠤ ᠪᠠᠶᠢᠳᠠᠯ ᠢ ᠤᠶᠢᠯᠠᠭᠠᠨ ᠪᠠᠶᠢᠴᠠᠭᠠᠵᠤ᠂ ᠬᠠᠮᠢᠶ᠎ᠠ ᠪᠥᠬᠦᠶ ᠨᠢᠭᠡᠴᠢ ᠶᠢᠨ ᠡᠵᠡᠩᠨᠡᠯᠲᠡ ᠶᠢᠨ ᠬᠢᠷᠢ ᠬᠡᠮ ᠤᠨ ᠪᠠᠶᠢᠳᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠤᠶᠢᠯᠠᠭᠠᠨ ᠦᠵᠡᠵᠦ᠂ ᠡᠯ᠎ᠡ ᠬᠠᠮᠢᠶ᠎ᠠ ᠪᠥᠬᠦᠶ ᠨᠢᠭᠡᠴᠢ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠳᠠᠭᠠᠳᠤ ᠶᠢᠨ ᠬᠤᠭᠤᠯᠠᠨ ᠬᠡᠷ ᠲᠤ ᠵᠢᠭᠤᠯᠴᠢᠯᠠᠭᠴᠢᠳ ᠤᠨ ᠲᠤᠭ᠎ᠠ ᠶᠢ ᠬᠢᠵᠠᠭᠠᠷᠯᠠᠨ ᠳᠠᠷᠬᠠᠶ ᠪᠤᠲᠠᠷᠬᠠᠶ ᠪᠠᠷ ᠬᠤᠭᠤᠯᠠᠯᠠᠬᠤ ᠶᠢ ᠬᠡᠷᠡᠭᠵᠢᠭᠦᠯᠵᠦ᠂ ᠰᠢᠷᠡᠭᠡ ᠪᠦᠷᠢ ᠳᠤ 10 ᠬᠥᠮᠦᠨ ᠠᠴᠠ ᠬᠡᠲᠦᠷᠡᠭᠦᠯᠵᠦ ᠪᠣᠯᠬᠤ ᠥᠬᠡᠶ︔ ᠠᠵᠢᠯᠯᠠᠵᠤ ᠪᠠᠶᠢᠭ᠎ᠠ ᠬᠥᠮᠦᠰ ᠡᠳᠦᠷ ᠪᠦᠷᠢ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠬᠦ ᠶᠢᠨ ᠬᠠᠮᠲᠤ ᠲᠡᠮᠳᠡᠭᠯᠡᠯ ᠢᠶᠠᠨ ᠦᠯᠡᠳᠡᠭᠡᠵᠦ᠂ ᠠᠵᠢᠯ ᠤᠨ ᠳᠤᠮᠳᠠ ᠪᠠᠨ ᠪᠡᠭᠡᠯᠡᠶ᠂ ᠠᠮᠠᠪᠴᠢ᠂ ᠬᠠᠮᠠᠭᠠᠯᠠᠯᠲᠠ ᠶᠢᠨ ᠱᠠᠬᠠᠶ ᠵᠡᠷᠭᠡ ᠬᠠᠮᠠᠭᠠᠯᠠᠯᠲᠠ ᠶᠢᠨ ᠲᠣᠨᠤᠭ ᠲᠥᠬᠦᠭᠡᠷᠦᠮᠵᠢ ᠶᠢ ᠨᠢᠭᠡᠳᠦᠯᠲᠡᠶ ᠵᠡᠭᠦᠵᠦ᠂ ᠠᠵᠢᠯᠯᠠᠬᠤ ᠲᠠᠰᠤᠭ ᠤᠨ ᠠᠷᠢᠭᠤᠨ ᠴᠡᠪᠡᠷ ᠪᠠᠶᠢᠬᠤ ᠶᠢ ᠪᠠᠲᠤᠯᠠᠵᠤ᠂ ᠡᠯ᠎ᠡ  ᠵᠦᠢᠯ ᠤᠨ ᠠᠵᠢᠯᠯᠠᠬᠤ ᠶᠠᠪᠤᠴᠠ ᠶᠢ ᠬᠠᠮᠢᠶ᠎ᠠ ᠪᠥᠬᠦᠶ ᠢᠳᠡᠭᠡᠨ ᠤᠮᠳᠠᠭᠠᠨ ᠤ ᠦᠢᠯᠡᠰ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠦᠨ᠎ᠡ︔ᠬᠤᠳᠠᠯᠳᠤᠨ ᠠᠪᠴᠤ ᠡᠵᠡᠩᠨᠡᠬᠦ ᠢᠳᠡᠭᠡᠨ ᠳᠤ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ ᠲᠥᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠂ ︽ᠲᠥᠷᠪᠡᠨ ᠠᠳᠠᠯᠢ︾᠎ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂  ᠢᠳᠡᠭᠡᠨ ᠤ ᠠᠶᠤᠯᠭᠦᠢ ᠶᠢᠨ ᠪᠠᠷᠢᠮᠵᠢᠶ᠎ᠠ ᠳᠤ ᠨᠡᠶᠢᠴᠡᠬᠦ ᠦᠭᠡᠶ ᠢᠳᠡᠭᠡᠨ ᠤ ᠲᠦᠭᠦᠬᠡᠶ ᠮᠠᠲ᠋ᠧᠷᠢᠶᠠᠯ ᠢ ᠬᠤᠳᠠᠯᠳᠤᠨ ᠠᠪᠴᠤ᠂ ᠢᠳᠡᠭᠡᠨ ᠤ ᠲᠦᠭᠦᠬᠡᠶ ᠮᠠᠲ᠋ᠧᠷᠢᠶᠠᠯ ᠤᠨ ᠢᠷᠡᠯᠲᠡ ᠶᠢ ᠪᠠᠶᠢᠴᠠᠭᠠᠵᠤ᠂ ᠬᠠᠮᠢᠭᠠᠰᠢ ᠶᠠᠪᠤᠭᠰᠠᠨ ᠢ ᠨᠢ ᠨᠡᠬᠡᠵᠦ ᠪᠣᠯᠤᠨ᠎ᠠ᠃ ᠡᠭᠦᠨ ᠠᠴᠠ ᠭᠠᠳᠠᠨ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ ᠬᠦᠷᠦᠭᠰᠡᠨ ᠨᠢᠭᠡᠴᠢ ᠳᠤ ᠳᠠᠩᠰᠠᠯᠠᠭᠤᠯᠵᠤ᠂ ᠢᠳᠡᠭᠡᠨ ᠤ ᠡᠵᠡᠩᠨᠡᠯᠲᠡ ᠶᠢᠨ ᠨᠢᠭᠡᠴᠢ ᠶᠢᠨ ᠬᠠᠤᠯᠢ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠪᠠᠲᠤᠯᠠᠪᠠ᠃          ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠢᠳᠡᠭᠡᠨ ᠤ  ᠵᠦᠢᠯ ᠤᠨ ᠡᠵᠡᠩᠨᠡᠯᠲᠡ ᠶᠢᠨ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢ ᠰᠢᠪᠠᠳᠠᠨ ᠱᠠᠭᠠᠷᠳᠠᠵᠤ᠂ ᠠᠷᠠᠳ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠦᠨᠡᠨ ᠬᠦ ᠪᠠᠲᠤᠯᠠᠬᠤ ᠶᠢᠨ ᠬᠠᠮᠲᠤ ᠬᠤᠯᠪᠣᠭᠳᠠᠯ ᠪᠥᠬᠦᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠤᠰᠤᠳ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠲᠣᠰ ᠤᠳᠠᠭᠠᠨ ᠤ ᠨᠠᠶᠢᠷ ᠨᠠᠭᠠᠳᠤᠮ ᠤᠨ ᠤᠷᠤᠭᠰᠢᠲᠠᠶ ᠲᠡᠭᠦᠰᠬᠦ ᠶᠢ ᠬᠠᠮᠲᠤ ᠪᠠᠷ ᠪᠠᠲᠤᠯᠠᠨ᠎ᠠ᠃
 
ᠢᠷᠡᠯᠲᠡ᠄ ᠶᠤᠸᠠᠨ ᠪᠤᠤ ᠱᠠᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1