ᠶᠤᠸᠠᠨ ᠪᠦᠦ ᠱᠠᠨ ᠲᠣᠭᠤᠷᠢᠭ ᠤᠨ ᠠᠮᠢ ᠠᠬᠤᠶ ᠶᠢᠨ ᠣᠷᠴᠢᠨ ᠲᠤᠭᠤᠷᠢᠨ ᠤ ᠬᠤᠪᠢᠶᠠᠷᠢ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠷᠣᠨ ᠪᠦᠰᠡ ᠶᠢᠨ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2021/3/18
     ᠣᠷᠣᠨ ᠪᠦᠰᠡ ᠶᠢᠨ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠬᠥᠬᠡ ᠣᠭᠲᠠᠷᠭᠤᠶ ᠶᠢ ᠬᠠᠮᠠᠭᠠᠯᠠᠬᠤ ᠲᠡᠶᠢᠨ ᠤ ᠢᠯᠠᠯᠲᠠ ᠶᠢ ᠤᠯᠬᠤ ᠶᠢᠨ ᠲᠥᠯᠥᠭᠡ᠂ ᠣᠳᠣᠬᠠᠨ ᠤ ᠮᠠᠨ ᠤ ᠣᠷᠣᠨ ᠤ ᠠᠵᠢᠯ ᠤᠨ ᠠᠬᠢᠴᠠ ᠶᠢᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠥᠷᠭᠡᠨ ᠢᠶᠠᠷ ᠤᠬᠠᠭᠤᠯᠤᠨ ᠳᠠᠶᠢᠴᠢᠯᠠᠬᠤ ᠪᠠᠷ ᠳᠠᠮᠵᠢᠭᠤᠯᠤᠨ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠣᠯᠠᠨ ᠲᠠᠯ᠎ᠠ ᠶᠢᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠶᠤᠸᠠᠨ ᠪᠦᠦ ᠱᠠᠨ ᠤ ᠬᠥᠬᠡ ᠥᠩᠭᠡ ᠶᠢ ᠬᠠᠮᠲᠤ ᠪᠠᠷ ᠬᠠᠮᠠᠭᠠᠯᠠᠨ᠎ᠠ᠃     ᠨᠢᠭᠡ ᠳᠤ᠂ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠠᠵᠤ  ᠦᠢᠯᠡᠳᠪᠦᠷᠢ ᠶᠢᠨ ᠠᠵᠤ ᠠᠬᠤᠶᠢᠯᠠᠯ ᠤᠨ ᠬᠠᠶᠠᠭᠳᠠᠮᠠᠯ ᠬᠡᠶ ᠶᠢᠨ ᠪᠣᠬᠢᠷᠲᠤᠯ ᠤᠨ ᠡᠬᠢ ᠶᠢ ᠰᠡᠷᠭᠡᠶᠢᠯᠡᠨ ᠡᠵᠡᠮᠳᠡᠬᠦ ᠶᠢ ᠴᠢᠩᠭ᠎ᠠ ᠴᠢᠩᠭᠠᠳᠬᠠᠵᠤ᠂ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠥᠬᠦ ᠬᠦᠴᠦᠨ ᠎ ᠢᠶᠠᠷ ᠢᠶᠠᠨ ᠪᠠᠭᠤᠷᠠᠭᠤᠯᠤᠨ᠎ᠠ᠃    ᠬᠤᠶᠠᠷ ᠲᠤ᠂ ︽ᠲᠦᠷᠪᠡ ᠶᠢ ᠪᠣᠳᠠᠲᠠᠶᠢᠵᠢᠭᠤᠯᠬᠤ︾᠎ ᠶᠢ ᠪᠡᠶᠡᠯᠡᠭᠦᠯᠦᠨ᠎ᠡ᠃ ᠲᠤᠬᠠᠶᠢᠯᠠᠪᠠᠯ ᠤᠬᠠᠭᠤᠯᠭ᠎ᠠ ᠶᠢ ᠵᠠᠪᠠᠯ ᠪᠣᠳᠠᠲᠠᠶᠢᠵᠢᠭᠤᠯᠵᠤ᠂ ᠤᠶᠢᠯᠠᠭᠠᠨ ᠵᠢᠭᠰᠠᠭᠠᠬᠤ ᠶᠢ ᠵᠠᠪᠠᠯ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠵᠠᠪᠠᠯ ᠪᠣᠳᠠᠲᠠᠶᠢᠵᠢᠭᠤᠯᠵᠤ᠂ ᠰᠢᠮᠳᠠᠭᠤᠯᠤᠨ ᠪᠠᠶᠢᠴᠠᠭᠠᠬᠤ ᠶᠢ ᠵᠠᠪᠠᠯ ᠪᠣᠳᠠᠲᠠᠶᠢᠵᠢᠭᠤᠯᠬᠤ ᠬᠡᠷᠡᠭᠲᠡᠶ᠃    ᠭᠤᠷᠪᠠ ᠳᠤ  ᠂ ︽ᠬᠤᠶᠠᠷ ᠭᠤᠣᠯᠳᠠᠯᠭ᠎ᠠ︾᠎ ᠶᠢ ᠲᠤᠪᠤᠶᠢᠯᠭᠠᠪᠠ᠃ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ ᠬᠤᠪᠢᠶᠠᠷᠢ ᠥᠷᠲᠡᠭᠡ ᠶᠢᠨ ᠡᠷᠬᠢᠨ ᠲᠣᠭᠤᠷᠢᠨ ᠪᠠ ᠪᠤᠰᠤᠳ ᠭᠤᠤᠯᠳᠠᠯᠭ᠎ᠠ ᠲᠠᠢ ᠣᠷᠴᠢᠨ ᠲᠣᠭᠤᠷᠢᠨ ᠤ ᠰᠡᠷᠭᠡᠭ ᠣᠷᠣᠨ ᠪᠦᠰᠡ ᠵᠢᠴᠢ ᠰᠥᠨᠢ᠂ ᠭᠠᠷᠠᠭ ᠤᠨ ᠰᠡᠭᠦᠯᠴᠢ᠂ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠵᠡᠷᠭᠡ ᠭᠤᠤᠯᠳᠠᠯᠭ᠎ᠠ ᠲᠠᠢ ᠴᠠᠭ ᠬᠤᠭᠤᠴᠠᠭᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠨ᠎ᠠ᠃    ᠲᠦᠷᠪᠡ ᠳᠤ᠂ ︽ᠨᠢᠭᠡ ᠵᠦᠢᠯ ᠢ ᠠᠷᠭᠠᠴᠠᠬᠤ︾᠎ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ︽ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾᠎ ᠢ ᠴᠢᠩᠭ᠎ᠠ ᠵᠢᠷᠤᠮᠯᠠᠨ᠂ ᠤᠷᠢᠳᠴᠢᠯᠠᠨ ᠰᠡᠷᠡᠮᠵᠢᠯᠡᠭᠦᠯᠬᠦ ᠶᠢ ᠴᠠᠭ ᠲᠤᠬᠠᠶ ᠳᠤᠨᠢ ᠡᠬᠢᠯᠡᠭᠦᠯᠵᠦ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠬᠡ ᠣᠭᠲᠠᠷᠭᠤᠶ ᠶᠢ ᠬᠠᠮᠠᠭᠠᠯᠠᠬᠤ ᠲᠡᠶᠢᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠤᠯᠬᠤ ᠬᠡᠷᠡᠭᠲᠡᠶ᠃
 
ᠢᠷᠡᠯᠲᠡ᠄ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1