ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠣᠨ ᠬᠤᠶᠠᠷ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ‌ᠠᠮᠤᠷ ᠲᠦᠪᠰᠢᠨ ᠤ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/18
     2021 ᠣᠨ ᠤ 3 ᠰᠠᠷ᠎ᠠ ᠶᠢᠨ 9᠎ ᠤ ᠡᠳᠦᠷ᠂ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠣᠨ ᠤ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠪᠠᠷᠢᠯᠭ᠎ᠠ ᠶᠢᠨ ᠠᠵᠢᠯ ᠤᠨ ᠲᠠᠰᠤᠭ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠥᠷᠲᠡᠭᠡ ᠬᠠᠮᠲᠤᠷᠠᠨ ᠥᠪᠥᠷ ᠮᠣᠩᠭᠤᠯ ᠤᠨ ᠬᠤᠸᠠ ᠲᠢᠶᠠᠨ ᠡᠮ ᠦᠢᠯᠡᠳᠬᠦ ᠬᠢᠵᠠᠭᠠᠷᠲᠤ ᠺᠣᠮᠫᠠᠨᠢ᠂ ᠬᠤᠸᠠ ᠺᠦᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠥᠲᠥᠭᠡᠨ ᠪᠠᠶᠢᠭᠤᠯᠬᠤ ᠲᠠᠯ᠎ᠠ᠂ ᠪᠠᠷᠢᠯᠭ᠎ᠠ ᠶᠢᠨ ᠲᠠᠯ᠎ᠠ᠂ ᠬᠢᠨᠠᠨ ᠬᠠᠮᠢᠶᠠᠷᠬᠤ ᠲᠠᠯ᠎ᠠ ᠵᠢᠴᠢ ᠬᠠᠮᠢᠶ᠎ᠠ ᠪᠥᠬᠦᠶ ᠬᠥᠮᠦᠰ ᠢ ᠵᠣᠬᠢᠶᠠᠨ ᠪᠠᠶᠢᠭᠤᠯᠵᠤ ᠠᠵᠢᠯ ᠰᠡᠷᠭᠦᠭᠡᠬᠦ ᠠᠮᠤᠷ ᠲᠦᠪᠰᠢᠨ ᠤ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠭᠤᠯᠪᠠ᠃      ᠬᠤᠷᠠᠯ ᠠᠴᠠ᠄ ᠲᠦᠷᠦᠯ ᠵᠦᠢᠯ ᠤᠨ ᠡᠭᠡᠯᠵᠢ ᠳᠤᠭᠤᠶᠢᠯᠠᠩ ᠤᠨ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠬᠤᠯᠪᠣᠭᠳᠠᠯ ᠪᠦᠬᠦᠢ ᠬᠥᠮᠦᠰ ᠲᠤ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠠᠪᠤᠭᠤᠯᠵᠤ᠂ ᠬᠢᠨᠠᠯᠲᠠ ᠶᠢ ᠰᠤᠯᠠᠷᠠᠭᠤᠯᠵᠤ ᠪᠣᠯᠬᠤ ᠦᠭᠡᠢ᠂ ᠬᠡᠯᠪᠡᠷᠢ ᠶᠢᠨ ᠲᠡᠳᠦᠢ ᠪᠠᠶᠢᠯᠭᠠᠵᠤ ᠪᠣᠯᠬᠤ ᠦᠭᠡᠢ᠂ ᠨᠡᠯᠢᠶᠡᠳ ᠪᠦᠷᠢᠨ ᠲᠡᠭᠦᠯᠳᠡᠷ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ︔ ︽ᠭᠤᠷᠪᠠᠨ ᠳᠡᠰ︾᠎ ᠤᠨ ᠠᠮᠤᠷ ᠲᠦᠪᠰᠢᠨ ᠤ ᠬᠥᠮᠦᠵᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ᠨᠢᠭᠡᠳᠦᠭᠡᠷ ᠹᠷᠣᠨᠲ ᠤᠨ ᠠᠵᠢᠯᠴᠢᠨ ᠤ ᠠᠮᠤᠷ ᠲᠦᠪᠰᠢᠨ ᠤ ᠪᠣᠯᠪᠠᠰᠤᠷᠠᠯ ᠢ ᠴᠢᠩᠭᠠᠳᠬᠠᠵᠤ᠂ ᠨᠢᠭᠡᠳᠦᠭᠡᠷ ᠹᠷᠣᠨᠲ ᠤᠨ ᠠᠵᠢᠯᠴᠢᠨ ᠤ ᠲᠤᠬᠠᠶᠢᠯᠠᠭᠰᠠᠨ ᠠᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠭᠤᠤᠯᠳᠠᠯᠭ᠎ᠠ ᠲᠠᠢ ᠵᠠᠩᠭᠢᠯᠠᠭ᠎ᠠ ᠶᠢᠨ ᠴᠡᠭ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠲᠦᠷᠢᠮ ᠠᠴᠠ ᠵᠥᠷᠢᠴᠡᠨ ᠠᠵᠢᠯᠯᠠᠬᠤ ᠶᠢ ᠡᠷᠡᠰ ᠬᠤᠷᠢᠭᠯᠠᠬᠤ ᠬᠡᠷᠡᠭᠲᠡᠶ︔ ᠪᠠᠷᠢᠯᠭ᠎ᠠ ᠶᠢᠨ ᠣᠷᠣᠨ ᠤ ᠳᠣᠲᠣᠷᠠᠬᠢ ᠮᠠᠰᠢᠨ ᠪᠠᠭᠠᠵᠢ᠂ ᠪᠣᠳᠠᠰ ᠤᠨ ᠮᠠᠲ᠋ᠧᠷᠢᠶᠠᠯ ᠢ ᠲᠡᠷᠢ ᠲᠡᠭᠰᠢ ᠲᠠᠯᠪᠢᠬᠤ ᠬᠡᠷᠡᠭᠲᠡᠶ᠂ ᠡᠮᠬᠢ ᠵᠠᠮᠪᠠᠷᠠᠭ᠎ᠠ ᠦᠭᠡᠢ ᠪᠠᠶᠢᠵᠤ ᠪᠣᠯᠬᠤ ᠦᠭᠡᠢ᠂ ᠪᠠᠷᠢᠯᠭ᠎ᠠ ᠶᠢᠨ ᠣᠷᠣᠨ ᠢ ᠪᠢᠲᠡᠭᠦᠮᠵᠢᠯᠡᠨ ᠬᠠᠮᠢᠶᠠᠷᠬᠤ ᠬᠡᠷᠡᠭᠲᠡᠶ︔ ᠣᠨᠴᠠ ᠲᠥᠷᠥᠯ ᠤᠨ ᠠᠵᠢᠯ ᠬᠢᠭᠰᠡᠳ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠬᠡᠷᠡᠭᠲᠡᠶ︔ ᠬᠥᠯᠥᠰᠥᠨ ᠠᠵᠢᠯᠴᠢᠨ ᠤ ᠴᠠᠯᠢᠩ ᠤᠨ ᠬᠠᠮᠢᠶᠠᠷᠤᠯᠲᠠ ᠶᠢ ᠴᠢᠩᠭᠠᠳᠬᠠᠵᠤ᠂ ᠪᠦᠳᠦᠭᠡᠨ ᠪᠠᠶᠢᠭᠤᠯᠤᠯᠲᠠ ᠶᠢᠨ ᠨᠢᠭᠡᠴᠢ᠂ ᠪᠠᠷᠢᠯᠭ᠎ᠠ ᠶᠢᠨ ᠨᠢᠭᠡᠴᠢ ᠠᠴᠠ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠶ ᠳᠤᠨᠢ ᠥᠭᠬᠦ ᠪᠠ ᠥᠭᠬᠦ ᠬᠡᠷᠡᠭᠲᠡᠶ ᠭᠡᠵᠤ ᠴᠢᠬᠤᠯᠠᠴᠢᠯᠠᠪᠠ᠃
 
ᠢᠷᠡᠯᠲᠡ᠄ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1