︽ᠶᠤᠸᠠᠨ ᠪᠦᠦ ᠱᠠᠨ ᠲᠣᠭᠤᠷᠢᠭ ᠤᠨ ᠠᠶᠤᠯᠲᠠᠶ ᠬᠢᠮᠢ ᠶᠢᠨ ᠪᠣᠳᠠᠰ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾᠎ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/3/18
     ᠲᠥᠷᠥ ᠶᠢᠨ ᠪᠣᠳᠣᠯᠭ᠎ᠠ ᠶᠢᠨ ᠣᠭ ᠵᠣᠬᠢᠶᠠᠯ᠄ ᠪᠠᠶᠢᠴᠠᠭᠠᠨ ᠦᠵᠡᠬᠦ ︵ᠰᠦᠯᠵᠢᠶᠡᠨ ᠤ ᠬᠠᠶ᠋ᠢᠭ᠄ http://www.ybs.gov.cn/ybsqzf/438763/438823/439495/553313/774623/index.html    ᠨᠢᠭᠡ᠂ ᠲᠣᠭᠲᠠᠭᠠᠭᠰᠠᠨ ᠠᠬᠤᠶ ᠪᠠᠶᠢᠳᠠᠯ    ᠶᠤᠸᠠᠨ ᠪᠦᠦ ᠱᠠᠨ ᠲᠣᠭᠤᠷᠢᠭ ᠤᠨ ᠬᠢᠯᠢ ᠶᠢᠨ ᠳᠣᠲᠣᠷ᠎ᠠ ᠡᠭᠦᠰᠦᠭᠰᠡᠨ ᠠᠶᠤᠯᠲᠠᠶ ᠬᠢᠮᠢ ᠶᠢᠨ ᠪᠣᠳᠠᠰ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠵᠣᠬᠢᠴᠠᠩᠭᠤᠶ ᠲᠠᠰ ᠳᠠᠷᠠᠭᠠᠯᠠᠯ ᠢ ᠵᠢᠷᠤᠮᠵᠢᠭᠤᠯᠵᠤ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠠᠵᠢᠯ ᠢ ᠴᠠᠭ ᠲᠤᠬᠠᠶ ᠳᠤᠨᠢ ᠪᠦᠲᠦᠮᠵᠢᠲᠡᠶ ᠥᠷᠨᠢᠭᠦᠯᠵᠦ᠂ ᠬᠥᠮᠦᠨ ᠤ ᠦᠬᠦᠯ ᠰᠢᠷᠬᠠᠲᠤᠯ᠂ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ ᠶᠤᠮ᠃    ᠬᠤᠶᠠᠷ᠂ ᠬᠡᠷᠡᠭᠯᠡᠬᠦ ᠬᠡᠪᠴᠢᠶ᠎ᠡ    ᠲᠤᠰ ᠪᠡᠯᠡᠳᠬᠡᠯ ᠲᠥᠰᠦᠯ ᠢ ᠶᠤᠸᠠᠨ ᠪᠦᠦ ᠱᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠶᠤᠯᠲᠠᠶ ᠬᠢᠮᠢ ᠶᠢᠨ ᠵᠦᠢᠯ ᠢ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠬᠡᠷᠡᠭᠯᠡᠬᠦ ᠪᠠ ᠬᠠᠶᠠᠭᠳᠠᠮᠠᠯ ᠠᠶᠤᠯᠲᠠᠶ ᠬᠢᠮᠢ ᠶᠢᠨ ᠵᠦᠢᠯ ᠢ ᠰᠢᠢᠳᠪᠦᠷᠢᠯᠡᠬᠦ  ᠵᠡᠷᠭᠡ ᠶᠠᠪᠤᠴᠠ ᠳᠤ ᠭᠠᠷᠤᠭᠰᠠᠨ ᠳᠣᠣᠷ᠎ᠠ ᠵᠢᠭᠰᠠᠭᠠᠭᠰᠠᠨ ᠡ᠊ᠨᠳᠡᠯ ᠢ ᠠᠷᠭᠠᠴᠠᠬᠤ ᠠᠵᠢᠯ ᠳᠤ ᠬᠡᠷᠡᠭᠯᠡᠨ᠎ᠡ᠄    ︵1︶ ᠠᠶᠤᠯᠲᠠᠶ ᠬᠢᠮᠢ ᠶᠢᠨ ᠵᠦᠢᠯ ᠢ ᠵᠠᠳᠠᠷᠠᠭᠤᠯᠤᠭᠰᠠᠨ᠂ ᠬᠤᠣᠷᠳᠠᠭᠳᠠᠭᠰᠠᠨ᠂ ᠭᠠᠯ ᠤᠨ ᠠᠶᠤᠯ᠂ ᠳᠡᠯᠪᠡᠷᠡᠯᠲᠡ ᠠᠴᠠ ᠪᠣᠯᠤᠭᠰᠠᠨ ᠪᠤᠶᠤ ᠭᠠᠷᠭᠠᠵᠤ ᠮᠡᠳᠡᠬᠦ ᠡ᠊ᠩ ᠤᠨ᠂ ᠨᠡᠯᠢᠶᠡᠳ ᠶᠡᠭᠡ᠂ ᠬᠦᠨᠳᠦ ᠶᠡᠭᠡ᠂ ᠣᠨᠴᠠᠭᠠᠶ ᠬᠦᠨᠳᠦ ᠶᠡᠭᠡ ᠠᠶᠤᠯᠲᠠᠶ ᠬᠢᠮᠢ ᠶᠢᠨ ᠵᠦᠢᠯ ᠤᠨ ᠡ᠊ᠨᠳᠡᠯ ᠵᠢᠴᠢ ᠨᠡᠶᠢᠭᠡᠮ ᠤᠨ ᠨᠥᠯᠥᠭᠡ ᠪᠠᠷ ᠶᠡᠭᠡ ᠬᠡᠷᠡᠭ ᠭᠠᠷᠤᠭᠰᠠᠨ    ︵2︶ ᠪᠠᠯᠭᠠᠰᠤ᠂ ᠰᠢᠶᠠᠩ᠂ ᠵᠡᠭᠡᠯᠢ᠂ ᠬᠦᠷᠢᠶᠡᠯᠡᠩ ᠲᠣᠭᠤᠷᠢᠭ ᠤᠨ ᠠᠯᠪᠠᠨ ᠭᠡᠷ ᠵᠢᠴᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠣᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ  ᠴᠢᠳᠠᠪᠤᠷᠢ ᠠᠴᠠ ᠬᠡᠲᠦᠷᠡᠭᠰᠡᠨ ᠠᠶᠤᠯᠲᠠᠶ ᠬᠢᠮᠢ ᠶᠢᠨ ᠪᠣᠳᠠᠰ ᠤᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ︔    ︵3︶ ᠬᠦᠷᠢᠶ᠎ᠡ ᠬᠡᠪᠴᠢᠶ᠎ᠡ ︵ᠠᠵᠢᠯ ᠲᠦᠷᠦᠯ ᠪᠠ ᠰᠠᠯᠠᠭ᠎ᠠ ᠮᠥᠴᠢᠷ︶ ᠠᠯᠤᠰᠯᠠᠭᠰᠠᠨ ᠠᠶᠤᠯᠲᠠᠶ ᠬᠢᠮᠢ ᠶᠢᠨ ᠵᠦᠢᠯ ᠤᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ︔    ︵4︶ ᠶᠤᠸᠠᠨ ᠪᠦᠦ ᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠳᠣᠷᠣᠭᠰᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠭᠡᠵᠦ ᠲᠣᠪᠴᠢᠯᠠᠨ᠎ᠠ︶᠎ ᠠᠴᠠ ᠰᠢᠢᠳᠪᠦᠷᠢᠯᠡᠬᠦ  ᠴᠢᠬᠤᠯᠠᠲᠠᠶ ᠭᠡᠵᠦ ᠦᠵᠡᠭᠰᠡᠨ ᠡ᠊ᠨᠳᠡᠯ᠃    ᠭᠤᠷᠪᠠ᠂ ᠠᠵᠢᠯ ᠤᠨ ᠵᠠᠷᠴᠢᠮ    ︵1︶ ᠬᠥᠮᠦᠨ ᠢᠶᠠᠷ ᠦᠨᠳᠦᠰᠦ ᠪᠣᠯᠭᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠨ᠎ᠠ᠃    ︵2︶ ᠨᠢᠭᠡᠳᠦᠯᠲᠡᠶ ᠤᠳᠤᠷᠢᠳᠴᠤ᠂ ᠱᠠᠳᠤ ᠬᠤᠪᠢᠶᠠᠨ ᠬᠠᠮᠢᠶᠠᠷᠤᠨ᠎ᠠ᠃    ︵3︶ ᠰᠢᠰᠲ᠋ᠧᠮ ᠪᠠ ᠬᠡᠰᠡᠭ ᠢ ᠤᠶᠠᠯᠳᠤᠭᠤᠯᠵᠤ᠂ ᠬᠠᠷᠢᠶ᠎ᠠ ᠭᠠᠵᠠᠷ ᠢᠶᠠᠷ ᠭᠤᠣᠯ ᠪᠣᠯᠭᠠᠨ᠎ᠠ᠃    ︵4︶ ᠰᠢᠨᠵᠢᠯᠡᠬᠦ ᠤᠬᠠᠭᠠᠨ ᠳᠤ ᠲᠦᠰᠢᠭᠯᠡᠨ᠂ ᠬᠠᠤᠯᠢ ᠶᠣᠰᠣᠭᠠᠷ ᠵᠢᠷᠤᠮᠵᠢᠭᠤᠯᠬᠤ᠃    ︵5︶ ᠰᠡᠷᠭᠡᠶᠢᠯᠡᠬᠦ ᠪᠠᠷ ᠭᠤᠣᠯ ᠪᠣᠯᠭᠠᠵᠤ᠂ ᠡᠩ ᠤᠨ ᠦᠶ᠎ᠡ ᠶᠢᠨ ᠬᠢ ᠪᠠ ᠲᠠᠶᠢᠨ ᠤ ᠦᠶ᠎ᠡ ᠶᠢᠨ ᠬᠢ ᠶᠢ ᠤᠶᠠᠯᠳᠤᠭᠤᠯᠬᠤ ᠬᠡᠷᠡᠭᠲᠡᠶ᠃    ᠭᠤᠷᠪᠠ᠂ ᠠᠵᠢᠯ  ᠤᠨ ᠠᠭᠤᠯᠭ᠎ᠠ    ︵1︶ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠵᠢᠴᠢ ᠡᠭᠦᠷᠭᠡ ᠬᠠᠷᠢᠭᠤᠴᠠᠯᠭ᠎ᠠ᠄    ᠲᠤᠭᠤᠷᠢᠭ ᠤᠨ ᠵᠠᠰᠠᠭ ᠤᠨ ᠣᠷᠳᠣᠨ ︽ᠠᠶᠤᠯᠲᠠᠶ ᠬᠢᠮᠢ ᠶᠢᠨ ᠪᠣᠳᠠᠰ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠭᠠᠵᠠᠷ︾ ︵ᠳᠣᠷᠣᠭᠰᠢ ︽ᠲᠤᠭᠤᠷᠢᠭ ᠤᠨ ᠵᠠᠰᠠᠭ ᠤᠨ ᠣᠷᠳᠣᠨ ᠤ ᠵᠢᠯᠣᠭᠤᠳᠬᠤ ᠭᠠᠵᠠᠷ︾ ᠭᠡᠵᠦ ᠲᠣᠪᠴᠢᠯᠠᠨ᠎ᠠ︶᠎ ᠤᠨ ᠳᠣᠤᠷ᠎ᠠ 8 ᠳᠤᠭᠤᠶᠢᠯᠠᠩ ᠪᠠᠶᠢᠭᠤᠯᠤᠨ᠎ᠠ᠃ ᠵᠢᠯᠣᠭᠤᠳᠬᠤ ᠭᠠᠵᠠᠷ ᠤᠨ ᠠᠯᠪᠠᠨ ᠬᠡᠷ ᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠳᠤ  ᠪᠠᠶᠢᠭᠤᠯᠤᠪᠠ᠃ ᠠᠯᠪᠠᠨ ᠬᠡᠷ ᠨᠢ ᠬᠤᠯᠪᠣᠭᠳᠠᠯ ᠪᠥᠬᠦᠶ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠬᠠᠷᠢᠯᠴᠠᠭᠴᠢ ᠶᠢᠨ ᠠᠯᠪᠠᠨ ᠬᠡᠷ ᠤᠨ ᠳ᠋ᠢᠶᠠᠩᠬᠤᠸᠠ᠂ ᠭᠠᠷ ᠤᠲᠠᠰᠤᠨ ᠤ ᠨᠣᠮᠧᠷ᠂ ᠵᠢᠵᠢᠭᠦᠷ ᠤᠨ ᠳ᠋ᠢᠶᠠᠩᠬᠤᠸᠠ ᠶᠢᠨ ᠲᠠᠩᠰᠠ ᠡᠪᠬᠡᠮᠡᠯ ᠢ ᠪᠠᠶᠢᠭᠤᠯᠤᠨ᠎ᠠ᠃ ᠡᠯ᠎ᠡ ᠳᠤᠭᠤᠶᠢᠯᠠᠩ ᠤᠨ ᠬᠢᠨ ᠲᠣᠰ ᠲᠣᠰ ᠳᠣᠤᠷᠠᠬᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠮᠢᠶ᠎ᠠ ᠪᠥᠬᠦᠶ ᠠᠵᠢᠯ ᠢ ᠰᠠᠶᠢᠲᠤᠷ  ᠬᠢᠬᠦ ᠬᠡᠷᠡᠭᠲᠡᠢ᠃ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ    ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠭᠤᠣᠯᠳᠠᠯᠭ᠎ᠠ ᠲᠠᠢ ᠬᠠᠮᠢᠶᠠᠷᠴᠤ᠂ ᠭᠡᠨᠡᠳᠲᠡ ᠶᠢᠨ ᠡ᠊ᠨᠳᠡᠯ ᠳᠤ ᠵᠣᠬᠢᠴᠠᠩᠭᠤᠶ ᠲᠡᠰ ᠲᠡᠰ ᠤᠨ ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ ᠠᠪᠴᠤ᠂ ᠡ᠊ᠨᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠪᠠᠴᠢᠮ ᠪᠠᠶᠢᠳᠠᠯ ᠤᠨ ᠳᠣᠣᠷ᠎ᠠ ᠱᠠᠳᠤ ᠠᠯᠤᠰᠯᠠᠨ ᠳᠡᠭᠡᠭᠰᠢ ᠮᠡᠳᠡᠭᠦᠯᠵᠦ ᠪᠣᠯᠤᠨ᠎ᠠ᠃ᠪᠠᠴᠢᠮ ᠢ ᠠᠷᠭᠠᠴᠠᠬᠤ ᠳᠠᠭᠠᠯ    ᠠᠳᠡᠯ ᠭᠠᠷᠤᠭᠰᠠᠨ ᠤ ᠳᠠᠷᠠᠭ᠎ᠠ᠂ ᠠᠳᠡᠯ ᠭᠠᠷᠤᠭᠰᠠᠨ ᠠᠵᠤ ᠠᠬᠤᠶᠢᠯᠠᠯ ᠵᠢᠴᠢ ᠲᠡᠭᠦᠨ ᠤ ᠪᠠᠶᠢᠭ᠎ᠠ ᠪᠠᠯᠭᠠᠰᠤ᠂ ᠰᠢᠶᠠᠩ᠂ ᠵᠡᠭᠡᠯᠢ᠂ ᠬᠦᠷᠢᠶᠡᠯᠡᠩ ᠲᠣᠭᠤᠷᠢᠭ ᠤᠨ ᠠᠯᠪᠠᠨ ᠬᠡᠷ᠂ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠣᠨ ᠤ ᠬᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠷᠡ ᠳᠠᠷᠤᠶ ᠳᠤᠨᠢ ᠡᠬᠢᠯᠡᠭᠦᠯᠬᠦ ᠶᠢᠨ ᠬᠠᠮᠲᠤ ᠠᠳᠡᠯ ᠤᠨ ᠲᠠᠰ ᠢ ᠦᠨᠳᠦᠰᠦᠯᠡᠨ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃  ᠲᠤᠭᠤᠷᠢᠭ ᠤᠨ ᠵᠠᠰᠠᠭ ᠤᠨ ᠣᠷᠳᠣᠨ ᠤ ᠵᠢᠯᠣᠭᠤᠳᠬᠤ ᠭᠠᠵᠠᠷ ᠠᠴᠠ ᠰᠣᠨᠢᠨ ᠮᠡᠳᠡᠭᠡᠨ ᠤ ᠥᠭᠦᠯᠡᠭᠴᠢ ᠶᠢ ᠵᠢᠭᠠᠨ ᠲᠣᠭᠲᠠᠭᠠᠵᠤ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠭᠦᠯᠵᠦ᠂ ᠬᠠᠮᠢᠶ᠎ᠠ ᠪᠥᠬᠦᠢ ᠰᠠᠯᠠᠭ᠎ᠠ ᠮᠥᠴᠢᠷ ᠪᠣᠯᠤᠨ ᠪᠠᠶᠢᠭᠤᠯᠤᠮᠵᠢ ᠨᠤᠭᠤᠳ ᠬᠠᠮᠢᠶ᠎ᠠ ᠪᠥᠬᠦᠢ ᠮᠡᠳᠡᠭᠡ ᠵᠠᠩᠭᠢ ᠬᠠᠩᠭᠠᠬᠤ ᠶᠢ ᠬᠠᠷᠢᠭᠤᠴᠠᠵᠤ᠂ ᠲᠤᠰᠬᠠᠶ ᠬᠥᠮᠦᠨ ᠵᠢᠭᠠᠨ ᠲᠣᠭᠲᠠᠭᠠᠵᠤ ᠮᠡᠳᠡᠭᠡ ᠵᠠᠩᠭᠢ ᠶᠢ ᠬᠤᠷᠢᠶᠠᠩᠭᠤᠶᠢᠯᠠᠬᠤ ᠵᠡᠷᠭᠡ ᠠᠵᠢᠯ ᠢ ᠬᠠᠷᠢᠭᠤᠴᠠᠭᠤᠯᠵᠤ᠂ ᠮᠡᠳᠡᠭᠡ ᠵᠠᠩᠭᠢ ᠨᠡᠶᠢᠲᠡᠯᠡᠬᠦ ᠲᠥᠰᠦᠯ ᠢ ᠦᠳᠲᠡᠷ ᠲᠦᠷᠭᠡᠨ ᠲᠤᠭᠤᠷᠪᠢᠨ ᠲᠣᠭᠲᠠᠭᠠᠵᠤ᠂ ᠨᠡᠶᠢᠲᠡᠯᠡᠬᠦ ᠠᠭᠤᠯᠭ᠎ᠠ ᠶᠢ ᠲᠣᠭᠲᠠᠭᠠᠨ᠂ ᠴᠠᠭ ᠲᠤᠬᠠᠶ ᠲᠤᠨᠢ ᠵᠣᠬᠢᠰᠲᠠᠶ ᠠᠷᠭ᠎ᠠ  ᠮᠠᠶ᠋ᠢᠭ ᠢ ᠠᠪᠴᠤ ᠮᠡᠳᠡᠭᠡ ᠵᠠᠩᠭᠢ ᠶᠢ ᠨᠡᠶᠢᠲᠡᠯᠡᠵᠦ᠂ ᠡ᠊ᠨᠳᠡᠯ ᠤᠨ ᠪᠣᠳᠠᠲᠤ ᠶᠠᠪᠤᠳᠠᠯ ᠪᠣᠯᠤᠨ ᠠᠶᠤᠯ ᠠᠴᠠ ᠠᠪᠤᠷᠠᠨ ᠲᠤᠰᠠᠯᠠᠬᠤ᠂ ᠰᠡᠬᠦᠯ ᠤᠨ ᠠᠵᠢᠯ ᠵᠡᠷᠭᠡ ᠬᠠᠮᠢᠶ᠎ᠠ ᠪᠥᠬᠦᠢ ᠤᠴᠢᠷ ᠢ ᠪᠤᠰᠤᠳᠴᠢ ᠪᠠᠷ ᠵᠣᠬᠢᠶᠠᠨ ᠪᠠᠶᠢᠭᠤᠯᠤᠨ ᠮᠡᠳᠡᠭᠡᠯᠡᠬᠦ ᠬᠡᠷᠡᠭᠲᠡᠶ᠃ ᠴᠢᠬᠤᠯᠠ ᠲᠠᠢ ᠦᠶ᠎ᠡ ᠳᠤ᠂ ᠲᠣᠭᠤᠷᠢᠭ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠪᠠᠶᠢᠭᠠᠳ ᠭᠠᠳᠠᠭᠰᠢ ᠨᠡᠶᠢᠲᠡᠯᠡᠨ᠎ᠡ᠃ ᠠᠳᠡᠯ ᠤᠨ ᠲᠤᠬᠠᠶ ᠶᠢᠨ ᠲᠠᠯᠠᠪᠤᠷ ᠢ ᠡᠵᠡᠮᠳᠡᠵᠦ᠂ ᠣᠷᠴᠢᠨ ᠲᠣᠭᠤᠷᠢᠨ ᠨᠢ ᠬᠤᠯᠪᠣᠭᠳᠠᠯ ᠪᠥᠬᠦᠶ ᠪᠠᠷᠢᠮᠵᠢᠶ᠎ᠠ ᠳᠤ ᠨᠡᠶᠢᠴᠡᠭᠰᠡᠨ ᠠᠴᠠ ᠪᠣᠯᠵᠣ᠂ ᠡᠭᠦᠰᠦᠮᠡᠯ᠂ ᠡᠭᠦᠰᠦᠮᠡᠯ ᠠᠳᠡᠯ ᠤᠨ ᠳᠠᠯᠳᠠ ᠬᠡᠮ ᠢ ᠠᠷᠢᠯᠭᠠᠭᠰᠠᠨ ᠤ ᠳᠠᠷᠠᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠵᠢᠯᠣᠭᠤᠳᠬᠤ ᠭᠠᠵᠠᠷ ᠢᠶᠠᠷ ᠨᠤᠲᠠᠯᠠᠨ ᠵᠥᠪᠰᠢᠶᠡᠷᠡᠭᠦᠯᠦᠭᠡᠳ᠂ ᠲᠤᠬᠠᠶ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠠᠵᠢᠯ ᠳᠠᠭᠤᠰᠴᠤ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢ ᠲᠤᠬᠠᠶ ᠶᠢᠨ ᠲᠠᠯᠠᠪᠤᠷ ᠠᠴᠠ ᠵᠠᠶᠢᠯᠠᠭᠤᠯᠪᠠ᠃ ᠬᠡᠨ ᠡᠬᠢᠯᠡᠭᠦᠯᠪᠡᠯ ᠬᠡᠨ ᠳᠠᠭᠤᠰᠬᠠᠬᠤ ᠵᠠᠷᠴᠢᠮ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠲᠠ ᠳᠠᠭᠤᠰᠤᠭᠰᠠᠨ ᠢ ᠵᠠᠷᠯᠠᠨ᠎ᠠ᠃ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ    ᠲᠣᠭᠤᠷᠢᠭ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠶᠢᠨ ᠳᠣᠤᠷ᠎ᠠ᠂ ᠬᠡᠷᠡᠭ ᠭᠠᠷᠤᠭᠰᠠᠨ ᠭᠠᠵᠠᠷ ᠤᠨ ᠪᠠᠯᠭᠠᠰᠤ ᠰᠢᠶᠠᠩ ᠵᠡᠭᠡᠯᠢ᠂ ᠬᠦᠷᠢᠶᠡᠯᠡᠩ ᠲᠣᠭᠤᠷᠢᠭ ᠤᠨ ᠠᠯᠪᠠᠨ ᠬᠡᠷ᠂ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠣᠨ ᠢᠶᠠᠷ ᠲᠦᠷᠦᠭᠦᠯᠡᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠵᠤ ᠳᠠᠭᠤᠰᠤᠭᠰᠠᠨ ᠤ ᠳᠠᠷᠠᠭ᠎ᠠ᠂ ᠠᠳᠡᠯ ᠭᠠᠷᠤᠭᠰᠠᠨ ᠨᠢᠭᠡᠴᠢ ᠪᠠ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠨᠢ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ  ᠠᠵᠢᠯ ᠢ ᠲᠣᠰ ᠲᠣᠰ ᠳ᠋ᠦᠩᠨᠡᠬᠦ ᠬᠡᠷᠡᠭᠲᠡᠶ᠃ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ    ᠬᠤᠯᠪᠣᠭᠳᠠᠯ ᠪᠥᠬᠦᠶ ᠨᠢᠭᠡᠴᠢ ᠶᠢᠨ ᠵᠢᠵᠢᠭᠦᠷᠯᠡᠬᠦ ᠳ᠋ᠢᠶᠠᠩᠬᠤᠸᠠ ᠨᠢ 24 ᠴᠠᠭ ᠢᠶᠠᠷ ᠵᠢᠵᠢᠭᠦᠷᠯᠡᠨ ᠰᠠᠬᠢᠬᠤ ᠶᠢ ᠪᠠᠲᠤᠯᠠᠬᠤ ᠶᠢᠨ ᠬᠠᠮᠲᠤ ᠬᠤᠯᠪᠣᠭᠳᠠᠯ ᠪᠥᠬᠦᠶ ᠬᠥᠮᠦᠰ ᠲᠠᠢ ᠴᠠᠭ ᠲᠤᠬᠠᠶ ᠳᠤᠨᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠠᠲᠤᠯᠠᠬᠤ ᠬᠡᠷᠡᠭᠲᠡᠶ︔ ᠠᠳᠡᠯ ᠭᠠᠷᠤᠭᠰᠠᠨ ᠨᠢᠭᠡᠴᠢ ᠶᠢᠨ ᠣᠲᠣ ᠶᠢᠨ ᠪᠠᠶᠢᠭ᠎ᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠲᠣᠨᠤᠭ ᠲᠥᠬᠦᠭᠡᠷᠦᠮᠵᠢ ᠪᠠᠷ ᠰᠠᠭᠤᠷᠢ ᠪᠣᠯᠭᠠᠵᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠡᠳ᠋ ᠪᠣᠳᠠᠰ ᠤᠨ ᠲᠣᠨᠤᠭ ᠲᠥᠬᠦᠭᠡᠷᠦᠮᠵᠢ ᠪᠠᠷ ᠭᠤᠤᠯᠳᠠᠯᠭ᠎ᠠ ᠪᠣᠯᠭᠠᠨ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠬᠡᠷᠡᠭᠲᠡᠶ︔ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠨᠢ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠲᠠᠢ ᠬᠠᠷᠢᠯᠴᠠᠵᠤ ᠮᠡᠷᠭᠡᠵᠢᠯ ᠤᠨ ᠵᠢᠯᠣᠭᠤᠳᠣᠯᠭ᠎ᠠ ᠥᠭᠬᠦ ᠬᠡᠷᠡᠭᠲᠡᠶ᠃ᠪᠡᠯᠡᠳᠬᠡᠯ ᠲᠥᠰᠦᠯ ᠤᠨ ᠬᠠᠮᠢᠶᠠᠷᠤᠯᠲᠠ    ᠲᠣᠰ ᠪᠡᠯᠡᠳᠬᠡᠯ ᠲᠥᠰᠦᠯ ᠢ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠨᠡᠶᠢᠲᠡᠯᠡᠨ ᠬᠡᠷᠡᠭᠵᠢᠭᠦᠯᠵᠦ᠂ 3 ᠵᠢᠯ ᠳᠤ ᠠᠳᠠᠭ ᠲᠠᠭᠠᠨ ᠨᠢᠭᠡ ᠤᠳᠠᠭ᠎ᠠ ᠰᠣᠷᠢᠯᠲᠠ ᠬᠢᠬᠦ ᠶᠢᠨ ᠬᠠᠮᠲᠤ ᠳ᠋ᠦᠩᠨᠡᠨ ᠦᠨᠡᠯᠡᠨ ᠵᠢᠱᠢᠵᠦ᠂ ᠳᠤᠲᠠᠭᠤ ᠶᠢ ᠪᠠᠶᠢᠴᠠᠭᠠᠵᠤ ᠳᠤᠲᠠᠭᠤ ᠶᠢ ᠨᠥᠬᠦᠪᠥᠷᠢᠯᠡᠬᠦ ᠬᠡᠷᠡᠭᠲᠡᠶ᠃ ᠲᠡᠷᠡᠴᠢᠯᠡᠨ ᠡ᠊ᠨᠳᠡᠯ ᠤᠨ ᠰᠤᠷᠭᠠᠮᠵᠢ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠶᠢ ᠦᠨᠳᠦᠰᠦᠯᠡᠨ ᠴᠠᠭ ᠲᠤᠬᠠᠶ ᠳᠤᠨᠢ ᠵᠠᠰᠠᠪᠤᠷᠢ ᠤᠷᠤᠭᠤᠯᠤᠨ᠎ᠠ    ᠳᠥᠷᠪᠡ᠂ ᠠᠵᠢᠯ ᠤᠨ ᠦᠷ᠎ᠡ ᠪᠦᠲᠦᠮᠵᠢ    ᠲᠣᠰ ︽ᠪᠡᠯᠡᠳᠬᠡᠯ ᠲᠥᠰᠦᠯ︾᠎ ᠢ ᠲᠣᠭᠲᠠᠭᠠᠬᠤ ᠪᠠᠷ ᠳᠠᠮᠵᠢᠭᠤᠯᠤᠨ᠂ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠴᠢᠳᠠᠪᠤᠷᠢ ᠪᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠤᠷᠢᠭ᠎ᠠ ᠱᠤᠭᠤᠮ ᠢ ᠪᠠᠲᠤᠯᠠᠬᠤ ᠬᠡᠷᠡᠭᠲᠡᠶ᠃    ᠲᠠᠶᠢᠯᠤᠮᠵᠢ ᠬᠢᠭᠰᠡᠨ ᠨᠢᠭᠡᠴᠢ᠄ ᠶᠤᠸᠠᠨ ᠪᠦᠦ ᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
 
ᠢᠷᠡᠯᠲᠡ᠄ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1