ᠸᠠᠩ ᠶᠦᠩ ᠨᠠᠢᠮᠠᠳᠤᠭᠠᠷ ᠬᠤᠭᠤᠴᠠᠭᠠᠨ ᠤ ᠲᠤᠭᠤᠷᠢᠭ ᠤᠨ ᠨᠠᠮ ‍ᠤᠨ‌ᠬᠤᠷᠢᠶ᠎ᠠ ᠶᠢᠨ 150 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ‌‍ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/19
     3 ᠰᠠᠷ᠎ᠠ ᠶᠢᠨ 16᠎ ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠠᠩ ᠶᠦᠩ ᠨᠠᠢᠮᠠᠳᠤᠭᠠᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶ᠎ᠠ ᠶᠢᠨ 150 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠼᠤᠤ ᡁᠢ ᠶᠦᠩ᠂ ᠵᠥᠩ ᠴᠢᠩ ᠰᠥᠩ᠂ ᠸᠠᠩ ᠪᠢᠩ᠂ ᠰᠢᠤᠢ ᠵᠢᠶᠠᠨ ᠬᠤᠶ᠂ ᠵᠧᠤ ᠵᠠᠨ ᠯᠢ᠂ ᠴᠥ᠋ ᠬᠠᠶ ᠪᠥᠸᠧ᠂ ᠯᠢ ᠰᠢᠨ ᠢᠦᠶ᠂ ᠵᠤ᠋ ᠰᠢᠶᠤᠤ ᠬᠤᠶ ᠬᠤᠷᠠᠯ ᠳᠤ ᠣᠷᠣᠯᠴᠠᠪᠠ᠃ ᠲᠣᠭᠤᠷᠢᠭ ᠤᠨ ᠤᠳᠤᠷᠢᠳᠤᠯᠭ᠎ᠠ ᠶᠢᠨ ᠰᠦ ᠫᠢᠩ᠂ ᠸᠠᠩ ᠵᠧᠨ ᠯᠢᠶᠠᠩ᠂ ᠹᠦ᠋ ᠰᠢᠤ ᠬᠤᠶ᠂ ᠴᠧᠩ ᠷᠦᠢ ᠪᠦᠦ᠂ ᠯᠢ ᠵᠠᠨ ᠵᠢᠶᠧ᠂ ᠷᠧᠨ ᠢᠦᠶ ᠯᠦᠩ᠂ ᠢᠦᠶ ᠽᠦᠸᠧ ᠬᠤᠤ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ︽ᠬᠤᠶᠠᠷ ᠬᠤᠷᠠᠯ︾᠎ ᠤᠨ ᠵᠣᠷᠢᠭ ᠰᠠᠨᠠᠭ᠎ᠠ ᠂ ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠴᠢᠬᠤᠯᠠ ᠥᠭᠦᠯᠡᠯᠲᠡ᠂ ᠱᠢ ᠲᠠᠢ ᠹᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠪᠣᠯᠤᠨ ᠪᠦᠬᠦ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠮᠠᠨ ᠤ ᠲᠤᠭᠤᠷᠢᠭ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠶᠤᠸᠠᠨ ᠪᠦᠦ ᠱᠠᠨ ᠲᠣᠭᠤᠷᠢᠭ ᠤᠨ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ     ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ ᠥᠪᠥᠷ ᠮᠣᠩᠭᠤᠯ ᠢ ᠢᠮᠠᠭᠲᠠ ᠬᠠᠶᠢᠷᠠᠯᠠᠨ ᠬᠠᠯᠠᠮᠵᠢᠯᠠᠵᠤ ᠪᠠᠶᠢᠭ᠎ᠠ ᠶᠢ ᠭᠦᠢᠴᠡᠳ ᠢᠯᠡᠷᠡᠭᠦᠯᠵᠦ᠂ ᠰᠢᠨ᠎ᠡ ᠬᠥᠭᠵᠢᠯᠲᠡ ᠶᠢᠨ ᠱᠠᠲᠤᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠦᠵᠡᠯ ᠰᠠᠨᠠᠭᠠᠨ ᠤ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠵᠠᠢ᠃ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠨᠠᠷᠢᠨ ᠬᠢᠨᠠᠮᠠᠭᠠᠢ ᠣᠶᠢᠯᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠲᠤᠭᠤᠷᠢᠭ ᠤᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤ ᠨᠠᠨᠳᠢᠨ ᠬᠦᠰᠡᠯ ᠱᠠᠭᠠᠷᠳᠠᠯᠭ᠎ᠠ ᠶᠢ ᠦᠨᠡᠨᠬᠦ ᠣᠳᠣᠬᠢᠴᠢᠯᠠᠭᠰᠠᠨ ᠪᠤᠤ ᠱᠠᠨ ᠢ ᠪᠦᠳᠦᠭᠡᠨ ᠪᠠᠶᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠲᠡᠭᠦᠯᠳᠡᠷ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨᠬᠦ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠨᠡᠩ ᠨᠠᠷᠢᠯᠢᠭ ᠨᠡᠩ ᠪᠣᠳᠠᠲᠠᠢ ᠬᠢᠬᠦ ᠶᠢ ᠠᠬᠢᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃       ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠬᠠᠶ ᠣᠯᠠᠨ ᠤᠳᠠᠭ᠎ᠠ ᠴᠢᠬᠤᠯᠠ ᠥᠭᠦᠯᠡᠯᠲᠡ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠰᠢᠨ᠎ᠡ ᠱᠠᠭᠠᠷᠳᠠᠯᠭ᠎ᠠ ᠳᠤᠷᠠᠳᠴᠠᠢ᠂ ᠪᠢᠳᠡ ᠡᠷᠬᠡᠪᠰᠢ ᠪᠦᠬᠦ ᠲᠠᠯ᠎ᠠ ᠪᠠᠷ ᠰᠤᠷᠤᠯᠴᠠᠨ ᠣᠶᠢᠯᠠᠭᠠᠬᠤ ᠳᠤᠮᠳᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ ᠠᠮᠢ ᠠᠬᠤᠶ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠢ ᠰᠡᠷᠭᠡᠭ ᠢᠶᠠᠷ ᠲᠠᠨᠢᠵᠤ᠂ ᠠᠮᠢ ᠠᠬᠤᠶ ᠶᠢ ᠡᠩ ᠲᠡᠷᠢᠭᠦᠨ ᠳᠤ ᠲᠠᠯᠪᠢᠬᠤ ᠶᠢ ᠡᠷᠡᠰ ᠭᠤᠶᠢᠪᠢᠰᠢ ᠦᠭᠡᠢ ᠪᠠᠷ᠂ ᠡᠬᠢᠨ ᠠᠴᠠ ᠨᠢ ᠳᠠᠭᠤᠰᠲᠠᠯ᠎ᠠ ᠲᠡᠷᠢᠭᠦᠨ ᠳᠤ ᠲᠠᠯᠪᠢᠬᠤ ᠬᠡᠷᠡᠭᠲᠡᠶ᠃ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠵᠦ᠂ ᠬᠠᠮᠤᠭ ᠤᠨ ᠴᠢᠩᠭ᠎ᠠ ᠡᠬᠡ ᠲᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠪᠣᠳᠠᠲᠠᠢ ᠳᠤ ᠬᠦᠷᠲᠡᠯ᠎ᠡ ᠰᠢᠢᠳᠪᠦᠷᠢᠯᠡᠬᠦ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠡᠳᠦᠷ ᠲᠤᠳᠤᠮ ᠤᠨ ᠠᠵᠢᠯ ᠳᠠᠭᠠᠨ ᠬᠢᠵᠦ᠂ ᠨᠡᠩ ᠡᠷᠡᠰ ᠰᠢᠭᠤᠷᠬᠠᠢ ᠣᠪᠣᠷ᠂ ᠨᠡᠩ ᠣᠨᠣᠪᠴᠢᠲᠠᠢ ᠠᠷᠭ᠎ᠠ ᠬᠡᠮᠵᠢᠶ᠎ᠡ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠰᠢᠨ᠎ᠡ ᠪᠠᠶᠢᠳᠠᠯ ᠳᠣᠣᠷᠠᠬᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ      ᠪᠦᠬᠦ ᠲᠤᠭᠤᠷᠢᠭ ᠢᠶᠠᠷ ᠢᠶᠠᠨ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠪᠣᠯ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠬᠦ ᠪᠣᠳᠠᠲᠠᠢ ᠠᠵᠢᠯᠯᠠᠭ᠎ᠠ ᠮᠥᠨ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠺᠠᠳ᠋ᠷ ᠤᠨ ᠰᠤᠷᠲᠠᠯ ᠢ ᠬᠤᠪᠢᠷᠠᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠠᠵᠠ ᠲᠣᠬᠢᠶᠠᠯ ᠮᠥᠨ ᠭᠡᠳᠡᠭ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠡᠯ᠎ᠡ ᠪᠠᠯᠭᠠᠰᠤ ᠰᠢᠶᠠᠩ ᠵᠡᠭᠡᠯᠢ ᠡᠯ᠎ᠡ ᠰᠠᠯᠠᠭ᠎ᠠ ᠮᠥᠴᠢᠷ ᠤᠨ ᠬᠢᠨ ᠱᠢ ᠲᠠᠢ ᠹᠧᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠬᠠᠷᠭᠤᠭᠤᠯᠵᠤ᠂ ᠤᠷᠢᠳᠠᠪᠠᠷ ᠰᠤᠷᠤᠯᠴᠠᠯᠭ᠎ᠠ ᠶᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠢ ᠡᠬᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠡᠷᠭᠢᠴᠡᠭᠦᠯᠦᠨ ᠪᠣᠳᠣᠯᠬᠢᠯᠠᠵᠤ᠂ ᠬᠠᠷᠢᠭᠤᠴᠠᠯᠭ᠎ᠠ ᠶᠢ ᠬᠦᠯᠢᠶᠡᠨ ᠠᠪᠴᠤ᠂ ᠠᠵᠢᠯ ᠢᠶᠠᠨ ᠪᠦᠬᠦ ᠲᠠᠯ᠎ᠠ ᠪᠠᠷ ᠥᠷᠨᠢᠭᠦᠯᠬᠦ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠲᠥᠪ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠰᠤᠷᠭᠠᠨ ᠬᠥᠮᠦᠵᠢᠯ ᠤᠨ ᠴᠡᠭᠴᠡᠯᠡᠯᠲᠡ ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠢ ᠤᠶᠠᠯᠳᠤᠭᠤᠯᠵᠤ᠂ ᠨᠢᠭᠡ ᠴᠤᠭᠴᠠᠵᠢᠭᠤᠯᠤᠨ ᠬᠤᠯᠪᠣᠭᠠᠯᠠᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠪᠠᠷ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠯ᠎ᠡ ᠵᠦᠢᠯ ᠤᠨ ᠠᠵᠢᠯ ᠤᠨ ᠲᠦᠪᠰᠢᠨ ᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃      ᠬᠤᠷᠠᠯ ᠤᠨ ᠱᠠᠭᠠᠷᠳᠠᠯᠭ᠎ᠠ      ᠪᠦᠬᠦ ᠲᠤᠭᠤᠷᠢᠭ ᠢᠶᠠᠷ ᠢᠶᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠯ ᠪᠦᠬᠦ ᠲᠠᠯ᠎ᠠ ᠳᠤ ᠬᠤᠯᠪᠣᠭᠳᠠᠬᠤ᠂ ᠪᠦᠬᠦ ᠠᠵᠢᠯᠳᠠᠨ ᠳᠤ ᠬᠤᠯᠪᠣᠭᠳᠠᠬᠤ᠂ ᠪᠦᠬᠦ ᠴᠠᠭ ᠲᠤ ᠲᠤᠤᠱᠯᠠᠭᠳᠠᠬᠤ ᠶᠡᠭᠡ ᠶᠠᠪᠤᠳᠠᠯ ᠴᠢᠬᠤᠯᠠ ᠶᠠᠪᠤᠳᠠᠯ ᠪᠣᠯᠬᠤ ᠶᠢ ᠦᠨᠡᠨᠬᠦ ᠲᠣᠳᠣᠷᠬᠠᠢ ᠲᠠᠨᠢᠵᠤ᠂ ᠦᠨᠡᠨ ᠢ ᠪᠠᠷᠢᠮᠲᠠᠯᠠᠨ ᠬᠠᠲᠠᠭᠤ ᠶᠢ ᠬᠦᠨᠳᠡᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠶᠤᠸᠠᠨ ᠪᠦᠦ ᠱᠠᠨ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠤ ᠠᠰᠠᠭᠤᠳᠠᠯ ᠢ ᠪᠦᠲᠦᠮᠵᠢᠲᠡᠢ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠠᠬᠢᠴᠠ ᠶᠢ ᠪᠦᠬᠦ ᠲᠠᠯ᠎ᠠ ᠪᠠᠷ ᠲᠦᠷᠭᠡᠳᠬᠡᠨ ᠶᠠᠰᠤ ᠴᠢᠨᠠᠷ ᠦᠷ᠎ᠡ ᠠᠰᠢᠭ ᠢ ᠦᠨᠡᠨᠬᠦ ᠪᠠᠲᠤᠯᠠᠵᠤ᠂ ᠲᠦᠷᠢᠮ ᠲᠣᠭᠲᠠᠭᠠᠯ ᠲᠣᠭᠲᠠᠭᠠᠬᠤ ᠶᠢ ᠴᠢᠩᠭᠠᠳᠬᠠᠵᠤ᠂ ᠠᠵᠢᠯ ᠤᠨ ᠲᠡᠰ ᠳᠠᠷᠠᠭᠠᠯᠠᠯ ᠢ ᠵᠢᠷᠤᠮᠵᠢᠭᠤᠯᠬᠤ᠂ ᠠᠵᠢᠯ ᠤᠨ ᠲᠦᠪᠰᠢᠨ ᠢ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠨ ᠲᠦᠷᠢᠮ ᠤᠨ ᠠᠯᠳᠠᠰᠢ ᠭᠠᠷᠬᠤ ᠶᠢ ᠬᠤᠷᠢᠭᠯᠠᠵᠤ᠂ ᠴᠡᠭᠴᠡᠯᠡᠨ ᠰᠠᠶᠢᠵᠢᠷᠠᠭᠤᠯᠬᠤ ᠶᠢᠨ ᠬᠡᠪ ᠤᠨ ᠪᠠ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ︽ᠰᠢᠯᠵᠢᠭᠦᠯᠬᠦ︾᠂ ᠠᠵᠢᠯ ᠢ ︽ᠬᠤᠭᠤᠰᠣᠨ ᠪᠣᠯᠭᠠᠬᠤ︾᠎ ᠶᠢ ᠡᠷᠡᠰ ᠬᠤᠷᠢᠭᠯᠠᠵᠤ᠂ ᠲᠤᠭᠤᠷᠢᠭ ᠤᠨ ᠱᠠᠲᠤᠨ ᠤ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠡᠭᠦᠷᠭᠡᠯᠡᠵᠦ ᠪᠠᠶᠢᠭ᠎ᠠ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶ᠎ᠡ ᠪᠠᠷ ᠢᠶᠠᠨ ᠪᠠᠶᠢᠴᠠᠭᠠᠨ ᠰᠢᠢᠳᠪᠦᠷᠢᠯᠡᠵᠤ᠂ ᠪᠡᠶ᠎ᠡ ᠪᠠᠷ ᠢᠶᠠᠨ ᠰᠢᠮᠳᠠᠭᠤᠯᠬᠤ ᠬᠡᠷᠡᠭᠲᠡᠶ︔ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠢᠨ ᠲᠣᠭᠤᠷᠢᠨ ᠪᠠᠶᠢᠴᠠᠭᠠᠬᠤ ᠠᠰᠠᠭᠤᠳᠠᠯ ᠢ ᠲᠤᠤᠱᠲᠠᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ ᠳᠤ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ᠲᠤᠭᠤᠷᠢᠭ ᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠯᠪᠠᠨ ᠭᠡᠷ᠂ ᠡᠵᠡᠩᠨᠡᠯᠲᠡ ᠬᠤᠳᠠᠯᠳᠤᠭᠠᠨ ᠤ ᠠᠯᠪᠠᠨ ᠭᠡᠷ᠂ ᠬᠤᠶᠠᠷ ᠠᠯᠪᠠᠨ ᠭᠡᠷ ᠤᠨ ᠱᠠᠯᠠᠪᠳᠠᠭᠤᠯᠤᠨ ᠪᠠᠶᠢᠴᠠᠭᠠᠬᠤ ᠠᠯᠪᠠᠨ ᠭᠡᠷ ᠪᠦᠬᠦ ᠲᠠᠯ᠎ᠠ ᠪᠠᠷ ᠭᠠᠷᠳᠠᠵᠦ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ  ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠡᠷᠡᠰ ᠪᠠᠲᠤᠯᠠᠵᠤ᠂ ᠶᠤᠸᠠᠨ ᠪᠦᠦ ᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠶᠤᠸᠠᠨ ᠪᠤᠤ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1