ᠬᠤᠳᠠ ᠶᠢᠨ ᠳᠠᠷᠤᠭ᠎ᠠ ᠪᠦᠯᠬᠦᠮ ᠳᠠᠭᠠᠭᠤᠯᠤᠨ ᠴᠠᠩᠵᠸᠦ ᠳᠤ ᠬᠦᠷᠴᠦ‌ᠦᠷᠭᠦᠯᠵᠢᠯᠡᠨ ᠰᠢᠨᠵᠢᠯᠡᠨ ᠪᠠᠶᠢᠴᠠᠭᠠᠵᠤ ᠰᠢᠨ᠎ᠡ ᠣᠯᠤᠯᠲᠠ ᠣᠯᠪᠠ︕
ᠨᠡᠶᠢᠲᠡᠯᠡᠭᠰᠡᠨ ᠴᠠᠭ᠄
2021/3/23
      3 ᠰᠠᠷ᠎ᠠ ᠶᠢᠨ 18᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠪᠦᠯᠬᠦᠮ ᠳᠠᠭᠠᠭᠤᠯᠤᠨ ᠵᠢᠶᠠᠩᠰᠦ ᠮᠤᠵᠢ ᠶᠢᠨ ᠴᠠᠩᠵᠸᠤ ᠬᠤᠲᠠ ᠳᠤ ᠬᠦᠷᠴᠦ᠂ ᠮᠠᠨ ᠤ ᠬᠤᠲᠠ ᠳᠤ ᠪᠡᠯᠡ ᠣᠷᠣᠭᠤᠯᠤᠭᠰᠠᠨ ᠬᠡᠰᠡᠭ ᠡᠮ ᠦᠢᠯᠡᠳᠬᠦ ᠠᠵᠤ ᠠᠬᠤᠶᠢᠯᠠᠯ ᠢ ᠰᠤᠷᠪᠤᠯᠵᠢᠯᠠᠵᠤ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠤᠯᠠᠨ ᠤ ᠤᠯᠠᠭᠠᠨᠬᠠᠳᠠ ᠬᠤᠳᠠ ᠶᠢᠨ ᠡᠵᠡᠩᠨᠡᠯᠲᠠ ᠠᠷᠠᠯᠵᠢᠶᠠᠨ ᠤ ᠣᠷᠴᠢᠨ ᠲᠣᠭᠤᠷᠢᠨ᠂ ᠠᠷᠠᠯᠵᠢᠶᠠᠴᠢᠨ ᠤᠷᠢᠬᠤ ᠠᠷᠭ᠎ᠠ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠢ ᠰᠠᠨᠠᠭᠤᠯᠭ᠎ᠠ ᠪᠠ ᠰᠠᠨᠠᠯ ᠢ ᠰᠣᠨᠣᠰᠴᠤ᠂ ᠠᠵᠤ ᠠᠬᠤᠶᠢᠯᠠᠯ ᠢ ᠨᠠᠶᠢᠳᠠᠪᠤᠷᠢᠵᠢᠭᠤᠯᠬᠤ ᠳᠤ ᠲᠤᠯᠭᠠᠷᠠᠭᠰᠠᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠬᠦ᠂ ᠵᠠᠰᠠᠭ ᠤᠨ ᠣᠷᠳᠣᠨ ᠤ ᠠᠮᠠᠯᠠᠯᠲᠠ ᠪᠠᠨ ᠢᠳᠡᠪᠬᠢᠲᠡᠢ ᠪᠡᠶᠡᠯᠡᠭᠦᠯᠬᠦ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠤ᠂ ᠡᠯ᠎ᠡ ᠱᠠᠲᠤᠨ ᠤ ᠠᠷᠠᠯᠵᠢᠶᠠᠴᠢᠨ ᠤᠷᠢᠬᠤ ᠺᠠᠳ᠋ᠷ ᠤᠨ ᠢᠲᠡᠭᠡᠯ ᠢ ᠤᠯᠠᠮ ᠨᠢᠭᠡ ᠠᠯᠬᠤᠮ ᠪᠠᠲᠤᠳᠬᠠᠵᠤ᠂ ᠠᠵᠤ ᠠᠬᠤᠶᠢᠯᠠᠯ ᠤᠨ ᠰᠡᠳᠬᠢᠯ ᠢ ᠠᠮᠤᠷᠵᠢᠭᠤᠯᠪᠠ᠃       ᠴᠠᠩᠵᠸᠤ ᠶᠢᠨ ᠹᠠᠩ ᠶᠤᠸᠠᠨ ᠡᠮ ᠦᠢᠯᠡᠳᠬᠦ ᠬᠢᠵᠠᠭᠠᠷᠲᠤ ᠺᠣᠮᠫᠠᠨᠢ᠂ ᠴᠠᠩᠵᠸᠤ ᠶᠢᠨ ᠡᠮ ᠤᠨ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ᠂ ᠸᠠᠩ ᠸᠠᠩ ᠱᠧᠩ ᠠᠵᠤ ᠠᠬᠤᠶᠢᠯᠠᠯ ᠤᠨ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠡᠯ᠎ᠡ ᠭᠤᠭᠴᠤᠭ᠎ᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠬᠤᠯᠪᠣᠭᠳᠠᠯ ᠪᠦᠬᠦᠢ ᠡᠮ ᠡᠮᠨᠡᠯᠭᠡ ᠶᠢᠨ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠶᠠᠷᠢᠯᠴᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠡᠳᠬᠢᠴᠡ ᠪᠠ ᠠᠷᠭ᠎ᠠ ᠶᠢ ᠬᠠᠮᠲᠤᠪᠠᠷ ᠰᠤᠳᠤᠯᠤᠨ ᠰᠦᠪᠡᠭᠴᠢᠯᠡᠵᠡᠢ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1