ᠶᠤᠸᠠᠨ ᠪᠦᠦ ᠱᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ‌ᠬᠠᠤᠯᠢ ᠬᠡᠷᠡᠭᠵᠢᠭᠦᠯᠬᠦ ᠲᠤᠪᠴᠢᠶ᠎ᠠ 2021 ᠣᠨ ᠤ ᠪᠦᠬᠦ ᠲᠤᠭᠤᠷᠢᠭ ᠤᠨ ᠠᠳᠠᠯ ᠠᠬᠤᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/25
     ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ 2021 ᠣᠨ ᠤ ᠪᠥᠬᠦ ᠲᠤᠭᠤᠷᠢᠭ ᠤᠨ ᠠᠳᠠᠯ ᠠᠬᠤᠶ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 30 ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ᠂ ᠲᠥᠷᠥᠯ ᠵᠦᠢᠯ ᠤᠨ ᠳᠠᠭᠠᠭᠠᠮᠠᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠬᠤᠷᠠᠯ ᠠᠴᠠ 2020 ᠣᠨ ᠤ ᠠᠳᠠᠯ ᠠᠬᠤᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠳ᠋ᠦᠩᠨᠡᠨ ᠡᠷᠭᠢᠴᠡᠭᠦᠯᠵᠦ᠂ 2021 ᠣᠨ ᠤ ᠠᠵᠢᠯ ᠳᠤ ᠨᠠᠷᠢᠨ ᠪᠠᠶᠢᠷᠢᠯᠠᠭᠤᠯᠤᠯᠲᠠ ᠬᠢᠪᠡ︔ ᠲᠣᠰ ᠲᠣᠪᠴᠢᠶ᠎ᠠ ᠲᠤᠬᠠᠶ ᠶᠢᠨ ᠲᠠᠯᠠᠪᠤᠷ ᠲᠤ 30 ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ︵ᠬᠠᠷᠢᠭᠤᠴᠠᠯᠭᠠᠲᠠᠨ︶᠎ ᠲᠠᠢ ︽ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ︾ ᠲᠣᠭᠲᠠᠪᠠ᠃     ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠦᠨᠳᠦᠰᠦᠨ ᠴᠢᠭᠯᠡᠯᠲᠡ ᠪᠣᠯ ︽ᠠᠶᠤᠯᠭᠦᠢ ᠦᠢᠯᠡᠳᠪᠦᠷᠢᠯᠡᠯ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠶᠡᠷᠦᠩᠬᠡᠶᠢᠯᠡᠨ ᠵᠠᠰᠠᠬᠤ︾ ᠪᠣᠯᠤᠨ᠎ᠠ᠃ ᠡᠯ᠎ᠡ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠶᠢᠨ ᠶᠠᠪᠤᠴᠠ ᠳᠤ᠂ ᠡᠷᠬᠡᠪᠰᠢ ︽ᠬᠥᠮᠦᠨ ᠢᠶᠠᠷ ᠦᠨᠳᠦᠰᠦ ᠪᠣᠯᠭᠠᠬᠤ︾ ᠵᠠᠷᠴᠢᠮ ᠢ ᠪᠠᠷᠢᠮᠲᠠᠯᠠᠵᠤ᠂ ᠠᠯᠢᠪᠠ ᠪᠦᠬᠦᠨ ᠳᠤ ᠠᠮᠤᠷ ᠲᠦᠪᠰᠢᠨ ᠢᠶᠠᠷ ᠭᠤᠤᠯᠳᠠᠯᠭ᠎ᠠ ᠪᠣᠯᠭᠠᠵᠤ᠂ ︽ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠪᠠ ︽ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠠᠶᠤᠯᠭᠦᠶ ᠦᠢᠯᠡᠳᠪᠦᠷᠢᠯᠡᠯ ᠎ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠭᠦᠢᠴᠡᠳᠭᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃    ᠬᠤᠷᠠᠯ ᠠᠴᠠ᠂ ᠰᠠᠭᠤᠭᠠᠯᠢ ᠠᠷᠠᠳ ᠤᠨ ᠲᠣᠭᠤᠷᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠳᠠᠨ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠡᠳᠦᠷ ᠳᠤᠳᠤᠮ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠰᠠᠭᠤᠭᠠᠯᠢ ᠠᠷᠠᠳ ᠤᠨ ᠲᠣᠭᠤᠷᠢᠭ ᠤᠨ ᠣᠯᠠᠨ ᠨᠡᠶᠢᠲᠡ ᠶᠢᠨ ᠲᠣᠭᠤᠷᠢᠭ ᠲᠤ ᠴᠢᠭᠯᠡᠭᠦᠯᠦᠨ᠂ ᠨᠢᠭᠡ ᠳᠤ᠂ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠭᠰᠡᠨ ᠡᠰᠡᠬᠦ᠂ ᠪᠥᠭᠯᠡᠭᠰᠡᠨ ᠡᠰᠡᠬᠦ ᠶᠢ ᠪᠠᠶᠢᠴᠠᠭᠠᠨ᠎ᠠ︔ ᠬᠤᠶᠠᠷ ᠲᠤ᠂ ᠠᠰᠠᠷ ᠤᠨ ᠱᠠᠲᠤ᠂ ᠠᠰᠠᠷ ᠤᠨ ᠬᠤᠩᠭᠢᠯ ᠳᠤ ᠡᠯᠳᠡᠪ ᠶᠠᠭᠤᠮ᠎ᠠ ᠣᠪᠣᠭᠠᠯᠠᠵᠤ ᠲᠠᠯᠪᠢᠭᠰᠠᠨ ᠡᠰᠡᠬᠦ ᠶᠢ ᠪᠠᠶᠢᠴᠠᠭᠠᠨ᠎ᠠ︔ ᠭᠤᠷᠪᠠ ᠳᠤ᠂ ᠴᠠᠬᠢᠯᠭᠠᠨ ᠬᠡᠷᠡᠭᠯᠡᠯᠲᠡ ᠶᠢᠨ ᠠᠮᠤᠷ ᠲᠦᠪᠰᠢᠨ ᠢ ᠵᠥᠷᠢᠴᠡᠵᠦ᠂ ᠴᠠᠬᠢᠯᠭᠠᠨ ᠤᠲᠠᠰᠤ ᠪᠠ ᠤᠭᠯᠠᠭᠤᠷᠭ᠎ᠠ ᠶᠢ ᠬᠤᠪᠢ ᠪᠠᠷ ᠢᠶᠠᠨ ᠵᠠᠯᠭᠠᠵᠤ᠂ ᠴᠠᠬᠢᠯᠭᠠᠨ ᠴᠡᠨᠡᠭᠯᠡᠭᠰᠡᠨ ᠦᠵᠡᠭᠳᠡᠯ ᠪᠠᠶᠢᠬᠤ ᠡᠰᠡᠬᠦ ᠶᠢ ᠪᠠᠶᠢᠴᠠᠭᠠᠨ᠎ᠠ︔ ᠲᠦᠷᠪᠡ ᠳᠤ᠂ ᠭᠠᠯ ᠤᠨᠲᠠᠷᠠᠭᠠᠬᠤ ᠭᠠᠯ ᠤᠨᠲᠠᠷᠠᠭᠠᠭᠤᠷ ᠤᠨ ᠳᠠᠷᠤᠯᠲᠠ ᠬᠡᠪ ᠤᠨ ᠪᠠᠶᠢᠬᠤ ᠡᠰᠡᠬᠦ᠂ ᠲᠣᠭᠤᠷᠢᠨ ᠪᠠᠶᠢᠴᠠᠭᠠᠭᠰᠠᠨ ᠲᠡᠮᠳᠡᠭᠯᠡᠯ ᠪᠦᠷᠢᠨ ᠪᠠᠶᠢᠬᠤ ᠡᠰᠡᠬᠦ ᠶᠢ ᠪᠠᠶᠢᠴᠠᠭᠠᠨ᠎ᠠ︔ ᠲᠠᠪᠤ ᠳᠤ᠂ ᠭᠠᠯ ᠤᠨᠲᠠᠷᠠᠭᠠᠭᠤᠯ ᠢ ᠬᠡᠷᠡᠭᠯᠡᠵᠦ ᠬᠠᠮᠠᠭᠠᠯᠠᠵᠤ ᠪᠠᠶᠢᠭ᠎ᠠ ᠪᠠᠶᠢᠳᠠᠯ ᠢ ᠪᠠᠶᠢᠴᠠᠭᠠᠨ᠎ᠠ︔ ᠵᠢᠷᠭᠤᠭ᠎ᠠ ᠳᠤ᠂ ᠲᠣᠰ ᠪᠡᠶ᠎ᠡ ᠶᠢᠨ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠲᠤᠤᠱᠯᠠᠭᠤᠯᠵᠤ᠂ ᠥᠪᠡᠰᠦᠪᠡᠨ ᠬᠠᠮᠢᠶᠠᠷᠬᠤ ᠣᠷᠣᠨ ᠪᠦᠰᠡ ᠶᠢᠨ ︽ᠬᠥᠮᠦᠨ ᠡᠳ᠋ ᠪᠣᠳᠠᠰ︾᠎ ᠤᠨ ᠠᠮᠤᠷ ᠲᠦᠪᠰᠢᠨ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠮᠤᠷ ᠲᠦᠪᠰᠢᠨ ᠤ ᠣᠨᠣᠯᠵᠢᠬᠤᠨ ᠢ ᠪᠠᠲᠤᠯᠠᠵᠤ᠂ ᠲᠣᠰ ᠪᠡᠶ᠎ᠡ ᠶᠢᠨ ᠰᠢᠯᠲᠠᠭᠠᠨ ᠠᠴᠠ ᠪᠣᠯᠵᠣ ᠠᠮᠤᠷ ᠲᠦᠪᠰᠢᠨ ᠤ ᠳᠠᠯᠳᠠ ᠬᠡᠮ ᠡᠭᠦᠰᠬᠦ ᠠᠴᠠ ᠵᠠᠶᠢᠯᠠᠰᠬᠢᠬᠦ ᠬᠡᠷᠡᠭᠲᠡᠢ ᠭᠡᠵᠤ  ᠱᠠᠭᠠᠷᠳᠠᠪᠠ᠃     ᠬᠤᠷᠠᠯ ᠠᠴᠠ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠵᠠ ᠵᠠᠪᠰᠢᠶᠠᠨ ᠢ ᠡᠷᠢᠬᠦ ᠪᠤᠳᠤᠯ ᠪᠠ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠬᠤᠷᠢᠭᠯᠠᠵᠤ᠂ ᠱᠠᠳᠤ ᠱᠠᠳᠤ ᠪᠠᠷ ᠪᠠᠶᠢᠷᠢᠯᠠᠭᠤᠯᠤᠯᠲᠠ ᠶᠢ ᠠᠳᠬᠤᠵᠤ᠂ ᠬᠥᠮᠦᠨ ᠪᠦᠬᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠠᠵᠠᠷ ᠪᠣᠯᠭᠠᠨ ᠳᠤ ᠠᠶᠤᠯ ᠲᠦᠭᠰᠢᠭᠦᠷᠢ ᠶᠢ ᠡᠵᠡᠮᠳᠡᠬᠦ ᠬᠡᠷᠡᠭᠲᠡᠢ᠃ ᠠᠮᠤᠷ ᠲᠦᠪᠰᠢᠨ ᠤ ᠤᠬᠠᠭᠤᠯᠭ᠎ᠠ ᠪᠣᠯᠪᠠᠰᠤᠷᠠᠭᠤᠯᠤᠯ ᠢᠶᠠᠷ ᠰᠠᠭᠤᠷᠢ ᠪᠣᠯᠭᠠᠵᠤ᠂ ᠬᠢᠨᠠᠨ ᠵᠢᠯᠣᠭᠤᠳᠴᠤ ᠪᠠᠶᠢᠴᠠᠭᠠᠬᠤ ᠪᠠᠷ ᠭᠠᠷᠳᠠᠴᠠ ᠪᠣᠯᠭᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠪᠠᠷ ᠠᠷᠭ᠎ᠠ ᠬᠡᠮᠵᠢᠶ᠎ᠡ ᠪᠣᠯᠭᠠᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠴᠠᠭ ᠲᠤᠬᠠᠶ ᠳᠤᠨᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠬᠦᠨᠳᠦ ᠣᠨᠴᠠ ᠶᠡᠭᠡ ᠠᠳᠡᠯ ᠡᠭᠦᠰᠬᠦ ᠶᠢ ᠡᠷᠡᠰ ᠬᠤᠷᠢᠭᠯᠠᠵᠤ᠂ ᠶᠤᠸᠠᠨ ᠪᠦᠦ ᠱᠠᠨ ᠲᠣᠭᠤᠷᠢᠭ ᠤᠨ ᠠᠳᠠᠯ ᠠᠬᠤᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃
 
ᠢᠷᠡᠯᠲᠡ᠄ ᠶᠤᠸᠠᠨ ᠪᠤᠤ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1