ᠮᠠᠨ ᠤ  ᠲᠤᠭᠤᠷᠢᠭ 158 ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠨᠡᠭᠡᠭᠡᠨ ᠬᠥᠭᠵᠢᠭᠦᠯᠵᠦ ᠤᠶᠤᠲᠠᠳ ᠤᠨ ᠠᠵᠢᠯ ᠣᠯᠭᠤᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2021/3/25
    2021 ᠣᠨ ᠳᠤ᠂ ᠮᠠᠨ ᠤ ᠲᠤᠭᠤᠷᠢᠭ ᠦᠷᠭᠦᠯᠵᠢᠯᠡᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠠᠷᠠᠳ ᠤᠨ ᠠᠮᠢᠳᠤᠷᠠᠯ ᠤᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠳᠤ ᠳᠣᠭᠢᠷᠠᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ 158 ᠨᠡᠭᠡᠭᠡᠨ ᠬᠥᠭᠵᠢᠭᠦᠯᠵᠦ᠂ ᠠᠵᠢᠯ ᠤᠯᠬᠤ ᠳᠤ ᠬᠦᠴᠢᠷᠲᠡᠶ ᠬᠡᠰᠡᠭ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠬᠠᠪᠰᠤᠷᠤᠨ ᠪᠡᠶᠡᠯᠡᠭᠦᠯᠵᠦ᠂ ᠠᠵᠢᠯ ᠤᠯᠬᠤ ᠳᠤ ᠬᠦᠴᠢᠷᠲᠡᠶ ᠳᠡᠭᠡᠳᠦ ᠰᠤᠷᠭᠠᠭᠤᠯᠢ ᠲᠡᠭᠦᠰᠦᠭᠰᠡᠳ ᠲᠤ ︽ᠦᠨᠳᠦᠰᠦᠨ ᠵᠦᠢᠯ ᠢ ᠪᠠᠲᠤᠯᠠᠵᠤ︾ ᠲᠥᠪᠬᠢᠨᠡᠭᠦᠯᠬᠦ ᠳᠤ ᠬᠦᠴᠦᠨ ᠨᠡᠮᠡᠷᠢᠯᠡᠪᠡ᠃     ᠡᠯ᠎ᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠡᠭᠡᠭᠡᠨ ᠬᠥᠭᠵᠢᠭᠦᠯᠬᠦ ᠨᠢᠭᠡᠴᠢ ᠨᠢ ᠠᠵᠢᠯ ᠤᠯᠬᠤ ᠳᠤ ᠬᠦᠴᠢᠷᠲᠡᠶ ᠳᠡᠭᠡᠳᠦ ᠰᠤᠷᠭᠠᠭᠤᠯᠢ ᠲᠡᠭᠦᠰᠦᠭᠰᠡᠳ ᠲᠠᠢ ᠤᠷᠢᠨ ᠬᠡᠷᠡᠭᠯᠡᠬᠦ ᠭᠡᠷ᠎ᠡ ᠲᠣᠭᠲᠠᠵᠤ᠂ ᠤᠷᠢᠨ ᠬᠡᠷᠡᠭᠯᠡᠬᠦ ᠬᠤᠭᠤᠴᠠᠭ᠎ᠠ ᠨᠢ 3 ᠵᠢᠯ ᠪᠣᠯᠬᠤ ᠪᠥᠭᠡᠳ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠤ ᠠᠵᠢᠯ᠂ ᠠᠵᠢᠯ ᠳᠤ ᠭᠠᠷᠬᠤ ᠶᠢ ᠰᠢᠯᠭᠠᠬᠤ ᠵᠡᠷᠭᠡ ᠪᠠᠶᠢᠳᠠᠯ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠤᠷᠢᠨ ᠬᠡᠷᠡᠭᠯᠡᠬᠦ ᠬᠤᠭᠤᠴᠠᠭᠠᠨ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠪᠠᠰᠠ ᠡᠯ᠎ᠡ ᠲᠥᠷᠥᠯ ᠤᠨ ᠰᠢᠯᠭᠠᠯᠲᠠ ᠳᠤ ᠣᠷᠣᠯᠴᠠᠵᠤ ᠪᠣᠯᠤᠨ᠎ᠠ᠂ ᠡᠭᠦᠨ ᠤ ᠤᠯᠠᠮ ᠠᠴᠠ ᠲᠣᠭᠲᠠᠪᠤᠷᠢᠲᠠᠶ ᠠᠵᠢᠯ ᠣᠯᠭᠤᠯᠲᠠ ᠶᠢ ᠪᠡᠶᠡᠯᠡᠭᠦᠯᠦᠨ᠎ᠡ᠃
 
ᠢᠷᠡᠯᠲᠡ᠄ ᠶᠤᠸᠠᠨ ᠪᠤᠤ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1