ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠡᠷᠬᠡ ᠶᠢᠨ ᠦᠨᠡᠮᠯᠡᠯ ᠤᠨ ᠳ᠋ᠤᠭᠠᠷ ᠨᠢ ᠄ 175021500316 ᠳ᠋ᠤᠭᠠᠷ ᠲᠣᠭᠠᠲᠤ ᠬᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠢ ᠨᠥᠬᠦᠪᠥᠷᠢᠯᠡᠨ ᠣᠯᠭᠤᠬᠤ ᠲᠤᠬᠠᠶ ᠠᠯᠪᠠᠨ ᠵᠠᠷ 【ᠥᠰᠥᠭ  ﹇2021﹈  27 ᠳ᠋ᠤᠭᠠᠷ ᠲᠣᠭᠠᠲᠤ 】
ᠨᠡᠶᠢᠲᠡᠯᠡᠭᠰᠡᠨ ᠴᠠᠭ᠄
2021/3/25
             ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠠᠯᠪᠠᠨ ᠵᠠᠷ ᠦᠰᠦᠭ ﹇2021﹈ 27 ᠳ᠋ᠤᠭᠠᠷ ᠲᠣᠭᠠᠲᠤ        ᠵᠣᠣ ᠢᠦᠶ ᠰᠢᠨ᠂ ᠰᠥᠩ ᠶᠢᠨ ᠢᠦ᠂ ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠤᠨ  ᠎ ᠶᠢᠨ ᠰᠢᠦ ᠴᠡᠴᠡᠭ ᠤᠨ ᠬᠦᠷᠢᠶᠡᠯᠡᠩ ᠤᠨ 21 — 1 — 162᠎ ᠤᠨ ᠬᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠢᠶᠠᠨ ᠭᠡᠭᠡᠪᠡ᠂ ᠡᠷᠬᠡ ᠶᠢᠨ ᠦᠨᠡᠮᠯᠡᠯ ᠤᠨ ᠨᠣᠮᠧᠷ ᠨᠢ 175021500316 ᠳ᠋ᠤᠭᠠᠷ ᠨᠣᠮᠧᠷ ᠪᠠᠶᠢᠵᠤ᠂ ᠮᠠᠨ ᠤ ᠲᠥᠪ ᠲᠤ ᠨᠥᠬᠦᠵᠦ ᠣᠯᠭᠤᠬᠤ ᠪᠠᠷ ᠭᠤᠶᠤᠴᠢᠯᠠᠪᠠ᠂ ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠦᠷ ᠬᠡᠷᠡᠭᠵᠢᠭᠦᠯᠬᠦ ᠲᠦᠷᠢᠮ ᠢ ᠬᠡᠷᠡᠭᠵᠢᠭᠦᠯᠬᠦ ᠨᠠᠷᠢᠨ ᠲᠦᠷᠢᠮ︾᠎ ᠤᠨ ᠬᠤᠷᠢᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠮᠠᠨ ᠤ ᠲᠥᠪ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠲᠣᠰ ᠬᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠢ ᠬᠦᠴᠦᠨ ᠥᠬᠡᠶ ᠪᠣᠯᠭᠠᠨ᠎ᠠ ᠭᠡᠵᠦ ᠢᠯᠡᠷᠬᠡᠶᠢᠯᠡᠪᠡ᠃ ᠡᠳᠦᠭᠡ ᠠᠯᠪᠠᠨ ᠵᠠᠷ  ᠨᠡᠶᠢᠳᠡᠯᠡᠵᠤ ᠣᠨᠳᠣᠣ ᠰᠠᠨᠠᠯ ᠬᠤᠷᠢᠶᠠᠵᠤ᠂ ᠬᠡᠷᠪᠡ ᠲᠤᠰ ᠭᠡᠷ ᠬᠥᠷᠥᠩᠭᠡ ᠳᠤ ᠣᠨᠳᠣᠣ ᠰᠠᠨᠠᠯ ᠲᠠᠢ ᠪᠣᠯ᠂ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ᠂ ᠪᠢᠴᠢᠭ ᠢᠶᠠᠷ ᠪᠤᠶᠤ ᠪᠤᠰᠤᠳ ᠬᠡᠯᠪᠡᠷᠢ ᠪᠠᠷ ᠮᠠᠨ ᠤ ᠲᠥᠪ ᠲᠤ ᠥᠮᠴᠢᠯᠡᠯ ᠤᠨ ᠡᠷᠬᠡ ᠶᠢᠨ ᠣᠨᠳᠣᠣ ᠰᠠᠨᠠᠯ ᠳᠤᠷᠠᠳᠬᠤ ᠬᠡᠷᠡᠭᠲᠡᠶ᠃ ᠬᠡᠷᠪᠡ ᠬᠤᠭᠤᠴᠠᠭ᠎ᠠ ᠨᠢ ᠳᠦᠭᠦᠷᠦᠭᠡᠳ ᠣᠨᠳᠣᠣ ᠰᠠᠨᠠᠯ ᠦᠭᠡᠢ ᠪᠠᠶᠢᠪᠠᠯ᠂ ᠲᠡᠷᠡ ᠳᠠᠷᠤᠶ ᠳᠤᠨᠢ ᠦᠯᠦ ᠬᠥᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠢ ᠨᠥᠬᠦᠪᠥᠷᠢᠯᠡᠨ ᠣᠯᠭᠤᠨ᠎ᠠ᠃     ᠲᠣᠰ ︽ᠠᠯᠪᠠᠨ ᠵᠠᠷ︾ ᠨᠡᠶᠢᠲᠡᠯᠡᠭᠰᠡᠨ ᠡᠳᠦᠷ ᠠᠴᠠ ᠡᠬᠢᠯᠡᠨ ᠬᠦᠴᠦᠨ ᠲᠠᠢ ᠪᠣᠯᠤᠨ᠎ᠠ᠂ ᠨᠢᠭᠡ ᠬᠡᠯᠪᠡᠷᠢ ᠶᠢᠨ ᠬᠤᠶᠠᠷ ᠬᠤᠪᠢ ᠪᠠᠶᠢᠵᠤ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠪᠣᠯᠤᠨ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ ᠠᠯᠪᠡᠨ ᠭᠡᠷ ᠲᠣᠰ ᠲᠣᠰ ᠨᠢᠭᠡ ᠬᠤᠪᠢ ᠡᠷᠭᠢᠯᠡᠨ᠎ᠡ᠃     ᠣᠨᠴᠠᠭᠠᠶᠢᠯᠠᠨ ᠵᠠᠷᠯᠠᠪᠠ    ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ                   2021 ᠣᠨ ᠤ 3 ᠰᠠᠷ᠎ᠠ ᠶᠢᠨ 15᠎ ᠤ ᠡᠳᠦᠷ    ᠲᠠᠶᠢᠯᠪᠤᠷᠢ᠄ ᠠᠵᠢᠯᠯᠠᠬᠤ ᠬᠠᠶ᠋ᠢᠭ᠄ ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠮᠠᠰᠢᠨ  ᠲᠡᠷᠭᠡᠨ ᠤ ᠰᠡᠯᠪᠢᠭ ᠲᠤᠨᠤᠭ ᠤᠨ ᠬᠤᠲᠠ ᠶᠢᠨ ᠵᠡᠭᠦᠨ ᠲᠠᠯ᠎ᠠ ᠶᠢᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ    ᠬᠠᠷᠢᠯᠴᠠᠬᠤ ᠤᠲᠠᠰᠤ᠄ 0476-3533998
 
ᠢᠷᠡᠯᠲᠡ᠄ ᠶᠤᠸᠠᠨ ᠪᠤᠤ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1