ᠶᠤᠸᠠᠨ ᠪᠦᠦ ᠱᠠᠨ ᠲᠣᠭᠤᠷᠢᠭ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠠᠬᠢᠭᠤᠯᠬᠤ ᠦᠵᠡᠭᠦᠯᠦᠯᠭᠡ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2021/3/25
     3 ᠰᠠᠷ᠎ᠠ ᠶᠢᠨ 19᠎ ᠤ ᠡᠳᠦᠷ᠂ ᠶᠤᠸᠠᠨ ᠪᠦᠦ ᠱᠠᠨ ᠲᠣᠭᠤᠷᠢᠭ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠲᠤᠬᠠᠶ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠬᠢᠪᠠ᠃ ᠡᠯ᠎ᠡ ᠰᠢᠶᠠᠩ ᠪᠠᠯᠭᠠᠰᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠶᠡᠷᠦᠩᠬᠡᠶᠢᠯᠡᠭᠰᠡᠨ ᠪᠠᠲᠤᠯᠠᠭ᠎ᠠ ᠪᠣᠯᠤᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ᠂ ᠬᠠᠭᠠᠯᠪᠤᠷᠢᠯᠠᠬᠤ ᠦᠬᠡᠢ ᠪᠠᠷ ᠲᠠᠷᠢᠬᠤ ᠮᠠᠰᠢᠨ ᠤ ᠮᠡᠷᠭᠡᠵᠢᠯᠲᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠣᠰᠬᠤᠨ ᠵᠢᠴᠢ ᠲᠠᠷᠢᠶᠠᠯᠠᠩ ᠤᠨ ᠮᠠᠰᠢᠨ ᠤ ᠬᠤᠷᠰᠢᠶᠠᠵᠢᠯ ᠤᠨ ᠬᠠᠷᠢᠭᠤᠴᠠᠯᠭᠠᠲᠠᠨ᠂ ᠲᠠᠷᠢᠮᠠᠯ ᠤᠨ ᠲᠤᠮᠤ ᠡᠷᠦᠬᠡ ᠪᠣᠯᠤᠨ ᠲᠠᠷᠢᠶᠠᠯᠠᠩ ᠤᠨ ᠮᠠᠰᠢᠨ ᠤ ᠲᠤᠮᠤ ᠡᠷᠦᠬᠡ ᠨᠡᠶᠢᠳᠡ 200 ᠭᠠᠷᠤᠢ ᠬᠥᠮᠦᠨ ᠠᠬᠢᠭᠤᠯᠬᠤ ᠦᠵᠡᠭᠦᠯᠦᠯᠭᠡ ᠶᠢᠨ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠮᠡᠷᠭᠡᠵᠢᠯ ᠤᠨ ᠲᠠᠷᠢᠶᠠᠯᠠᠩ ᠦᠢᠯᠡᠳᠪᠦᠷᠢᠯᠡᠯ ᠳᠠᠬᠢ ᠴᠢᠬᠤᠯᠠ ᠠᠴᠢ ᠬᠤᠯᠪᠣᠭᠳᠠᠯ ᠢ ᠨᠠᠷᠢᠨ ᠲᠠᠨᠢᠯᠴᠠᠭᠤᠯᠵᠤ᠂ ᠮᠡᠷᠭᠡᠵᠢᠯᠲᠡᠨ ᠠᠴᠠ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠮᠡᠷᠭᠡᠵᠢᠯ ᠤᠨ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠵᠡᠶ᠃
    ᠬᠤᠷᠠᠯ ᠤᠨ ᠳᠠᠷᠠᠭ᠎ᠠ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠮᠠᠰᠢᠨ ᠪᠠᠭᠠᠵᠢ ᠶᠢᠨ ᠦᠵᠡᠭᠦᠯᠦᠯᠭᠡ ᠬᠢᠵᠦ᠂ ᠬᠤᠷᠠᠯ ᠳᠤ ᠣᠷᠣᠯᠴᠠᠭᠰᠠᠳ ᠮᠡᠷᠭᠡᠵᠢᠯ ᠤᠨ ᠠᠵᠢᠯᠲᠠᠳ ᠲᠠᠢ ᠢᠳᠡᠪᠬᠢᠲᠡᠶ ᠪᠠᠷ ᠰᠠᠨᠠᠯ ᠢᠶᠠᠨ ᠰᠣᠯᠢᠯᠴᠠᠵᠤ᠂ ᠬᠠᠭᠠᠯᠪᠤᠷᠢᠯᠠᠬᠤ ᠦᠬᠡᠢ ᠪᠠᠷ ᠲᠠᠷᠢᠬᠤ ᠮᠠᠰᠢᠨ ᠤ ᠠᠵᠢᠯᠯᠠᠬᠤ ᠮᠡᠷᠭᠡᠵᠢᠯ ᠤᠨ ᠠᠷᠭ᠎ᠠ ᠬᠡᠮᠵᠢᠶ᠎ᠡ ᠵᠢᠴᠢ ᠠᠩᠬᠠᠷᠬᠤ ᠵᠦᠢᠯ ᠢ ᠠᠰᠠᠭᠤᠨ ᠯᠠᠪᠯᠠᠬᠤ ᠳᠤ ᠮᠡᠷᠭᠡᠵᠢᠯ ᠤᠨ ᠠᠵᠢᠯᠲᠠᠳ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠲᠠ ᠥᠭᠴᠦ᠂ ᠡᠯ᠎ᠡ ᠬᠤᠷᠰᠢᠶ᠎ᠠ᠂ ᠮᠠᠰᠢᠨᠴᠢᠳ ᠲᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠮᠠᠰᠢᠨ ᠪᠠᠭᠠᠵᠢ ᠶᠢᠨ ᠠᠵᠢᠯᠯᠠᠬᠤ ᠮᠡᠷᠭᠡᠵᠢᠯ ᠢ ᠤᠯᠠᠮ ᠨᠢᠭᠡ ᠠᠯᠬᠤᠮ ᠡᠵᠡᠮᠰᠢᠭᠦᠯᠵᠦ᠂ ᠠᠷᠠᠳ ᠤᠯᠠᠨ ᠤ ᠲᠤᠰ ᠮᠡᠷᠭᠡᠵᠢᠯ ᠢ ᠬᠡᠷᠡᠭᠯᠡᠬᠦ ᠬᠠᠯᠠᠭᠤᠨ ᠰᠡᠳᠬᠢᠯᠭᠡ ᠶᠢ ᠳᠠᠶᠢᠴᠢᠯᠠᠵᠤ᠂ ᠬᠤᠶᠢᠰᠢᠳᠠ ᠶᠢᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠮᠡᠷᠭᠡᠵᠢᠯ ᠢ ᠨᠡᠩ ᠰᠠᠶᠢᠲᠤᠷ ᠳᠡᠯᠭᠡᠷᠡᠭᠦᠯᠬᠦ ᠳᠤ ᠰᠠᠶᠢᠨ ᠰᠠᠭᠤᠷᠢ ᠲᠠᠯᠪᠢᠵᠤ ᠥᠭᠴᠡᠶ᠃      ᠣᠶᠢᠯᠠᠭᠠᠭᠰᠠᠨ ᠢᠶᠠᠷ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠪᠣᠯ ᠲᠠᠷᠢᠮᠠᠯ ᠤᠨ ᠲᠣᠭᠲᠠᠭᠤᠨ ᠪᠥᠭᠡᠳ ᠥᠨᠳᠥᠷ ᠤᠨᠠᠯᠲᠠ ᠲᠠᠢ ᠪᠠᠶᠢᠬᠤ ᠪᠠ ᠠᠮᠢ ᠠᠬᠤᠶ ᠣᠷᠴᠢᠨ ᠠᠬᠤᠶ ᠶᠢᠨ ᠬᠠᠮᠠᠭᠠᠯᠠᠯᠲᠠ ᠶᠢᠨ ᠬᠤᠤᠰ ᠠᠮᠵᠢᠯᠲᠠ ᠶᠢ ᠪᠡᠶᠡᠯᠡᠭᠦᠯᠵᠦ ᠳᠡᠶᠢᠯᠬᠦ ᠦᠷᠭᠦᠯᠵᠢᠯᠡᠬᠦ ᠬᠥᠭᠵᠢᠯᠲᠡ ᠶᠢᠨ ᠲᠠᠷᠢᠶᠠᠯᠠᠩ ᠤᠨ ᠮᠡᠷᠭᠡᠵᠢᠯ ᠪᠣᠯᠤᠨ᠎ᠠ᠂ ᠡᠭᠦᠨ ᠤ ᠭᠤᠣᠯᠳᠠᠯᠭ᠎ᠠ ᠨᠢ ᠬᠥᠷᠥᠰᠥ ᠰᠢᠷᠣᠶ ᠶᠢ ᠤᠷᠪᠠᠭᠤᠯᠤᠨ ᠬᠠᠭᠠᠯᠪᠤᠷᠢᠯᠠᠬᠤ ᠦᠭᠡᠢ᠂ ᠭᠠᠵᠠᠷ ᠤᠨ ᠭᠠᠳᠠᠷᠭᠤ ᠳᠤ ᠡᠰᠢ ᠰᠦᠷᠡᠯ ᠤᠨ ᠪᠦᠷᠬᠦᠴᠡ ᠲᠠᠢ ᠪᠠᠶᠢᠳᠠᠯ ᠤᠨ ᠳᠣᠣᠷ᠎ᠠ ᠦᠯᠦ ᠬᠠᠭᠠᠯᠪᠤᠷᠢᠯᠠᠬᠤ ︵ᠴᠥᠭᠡᠨ︶ ᠲᠠᠷᠢᠶᠠᠯᠠᠭ᠎ᠠ ᠬᠢᠵᠦ᠂ ᠲᠠᠷᠢᠶᠠᠨ ᠭᠠᠵᠠᠷ ᠤᠨ ᠲᠣᠭᠤᠰᠣ ᠰᠢᠷᠣᠶ ᠪᠠ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ᠂ ᠤᠰᠤ ᠬᠠᠳᠠᠭᠠᠯᠠᠵᠤ ᠴᠢᠬᠢᠭ ᠢ ᠬᠠᠮᠠᠭᠠᠯᠠᠬᠤ᠂ ᠭᠠᠵᠠᠷ ᠤᠨ ᠦᠩ ᠰᠢᠮ᠎ᠡ ᠶᠢ ᠨᠡᠮᠡᠭᠳᠡᠭᠦᠯᠬᠦ᠂ ᠥᠪᠡᠷ ᠤᠨ ᠦᠷᠳᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ᠂ ᠡᠰᠢ ᠰᠦᠷᠡᠯ ᠢ ᠰᠢᠲᠠᠭᠠᠬᠤ ᠪᠠ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠵᠡᠷᠭᠡ ᠦᠢᠯᠡᠳᠦᠯ ᠲᠠᠢ ᠪᠠᠶᠢᠳᠠᠭ᠃
 
ᠢᠷᠡᠯᠲᠡ᠄ ᠶᠤᠸᠠᠨ ᠪᠤᠤ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1