ᠶᠤᠸᠠᠨ ᠪᠦᠦ ᠱᠠᠨ ᠲᠣᠭᠤᠷᠢᠭ ︽ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ᠂ ᠣᠶ ᠰᠢᠭᠤᠶ ᠨᠤᠲᠤᠭ ᠪᠡᠯᠴᠢᠭᠡᠷ ‍ᠤᠨ‌ᠠᠮᠢ ᠠᠬᠤᠶ ᠶᠢ ᠬᠠᠮᠠᠭᠠᠯᠠᠬᠤ᠂ ᠣᠷᠴᠢᠨ ᠠᠬᠤᠶ‌‍ᠶᠢ ᠬᠠᠮᠠᠭᠠᠯᠠᠨ ᠵᠠᠰᠠᠬᠤ︾ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2021/3/25
     3 ᠰᠠᠷ᠎ᠠ ᠶᠢᠨ 22᠎ ᠤᠨ ᠡᠳᠦᠷ ᠪᠣᠯ 29 ᠳ᠋ᠦᠭᠡᠷ ︽ᠳᠡᠯᠡᠬᠡᠶ ᠶᠢᠨ ᠤᠰᠤᠨ ᠤ ᠡᠳᠦᠷ︾ ᠪᠣᠯᠤᠨ᠎ᠠ᠂ ᠶᠤᠸᠠᠨ ᠪᠦᠦ ᠱᠠᠨ ᠲᠣᠭᠤᠷᠢᠭ ︽ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ᠂ ᠣᠷᠴᠢᠨ ᠠᠬᠤᠶ ᠶᠢ ᠬᠠᠮᠠᠭᠠᠯᠠᠨ ᠵᠠᠰᠠᠬᠤ︾᠎ ᠪᠠᠷ ᠭᠤᠤᠯ ᠰᠡᠳᠦᠪ ᠪᠣᠯᠭᠠᠭᠰᠠᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠡᠬᠢᠯᠡᠭᠦᠯᠪᠡ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠩ ᠷᠦᠢ ᠪᠦᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ᠂ ᠲᠣᠭᠤᠷᠢᠭ ᠤᠨ ᠰᠢᠭᠤᠳ ᠬᠠᠷᠢᠶ᠎ᠠ 13 ᠨᠢᠭᠡᠴᠢ ᠪᠠ 3 ᠵᠡᠭᠡᠯᠢ ᠭᠤᠳᠤᠮᠵᠢ ᠶᠢᠨ ᠺᠠᠳ᠋ᠷ ᠠᠵᠢᠯᠲᠠᠨ ᠠᠵᠢᠯᠴᠢᠨ ᠵᠢᠴᠢ ᠰᠣᠷᠣᠭᠴᠢ᠂ ᠰᠠᠶᠢᠨ ᠳᠤᠷ᠎ᠠ ᠶᠢᠨ ᠠᠵᠢᠯᠯᠠᠭᠴᠢ ᠨᠡᠶᠢᠲᠡ 500 ᠭᠠᠷᠤᠶ ᠬᠥᠮᠦᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠶ᠃     ᠴᠧᠩ ᠷᠦᠢ ᠪᠦᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠰᠤᠨ ᠤ ᠡᠬᠢ ᠪᠠᠶᠠᠯᠢᠭ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ᠂ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠬᠠᠤᠯᠢᠵᠢᠯ ᠤᠨ ᠤᠬᠠᠭᠤᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠶᠤᠸᠠᠨ ᠪᠦᠦ ᠱᠠᠨ ᠲᠣᠭᠤᠷᠢᠭ ᠤᠨ ᠤᠰᠤᠨ ᠤ ᠡᠬᠢ ᠪᠠᠶᠠᠯᠢᠭ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ᠂ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠎ ᠤᠨ ᠱᠠᠭᠠᠷᠳᠠᠯᠭ᠎ᠠ ᠶᠣᠰᠣᠭᠠᠷ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠲᠡᠷᠡ ᠪᠠᠶᠢᠷᠢᠨ ᠳᠤᠨᠢ ᠪᠠᠶᠢᠪᠠᠯ ᠬᠠᠷᠢᠭᠤᠴᠠᠯᠭ᠎ᠠ ᠶᠢ ᠨᠢ ᠡᠭᠦᠷᠭᠡᠯᠡᠵᠦ᠂ ᠪᠥᠬᠦ ᠲᠤᠭᠤᠷᠢᠭ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢᠨ ᠯᠠᠪᠳᠠᠭᠤᠨ ᠪᠠᠲᠤᠲᠠᠶ ᠪᠦᠲᠦᠮᠵᠢᠲᠡᠶ ᠥᠷᠨᠢᠬᠦ ᠶᠢ ᠪᠠᠲᠤᠯᠠᠵᠤ᠂ ᠲᠣᠰ ᠤᠳᠠᠭᠠᠨ ᠤ ᠠᠵᠢᠯᠯᠠᠭ᠎ᠠ ᠳᠤ ᠬᠠᠨᠤᠮᠵᠢᠲᠠᠶ ᠬᠠᠷᠢᠭᠤᠯᠲᠠ ᠲᠤᠰᠢᠶᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠴᠢᠷᠮᠠᠶᠢᠬᠤ ᠶᠢ ᠰᠠᠨᠠᠭᠠᠴᠢᠯᠠᠵᠤ᠂ ᠪᠥᠬᠦ ᠲᠤᠭᠤᠷᠢᠭ ᠤᠨ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠤᠰᠤᠨ ᠤ ᠡᠬᠢ ᠪᠠᠶᠠᠯᠢᠭ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠤᠯᠢ ᠶᠣᠰᠣᠭᠠᠷ ᠬᠠᠮᠠᠭᠠᠯᠠᠨ᠂ ᠪᠠᠶᠢᠭᠠᠯᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠲᠩᠷᠢ ᠨᠢ ᠴᠡᠯᠮᠡᠭ᠂ ᠭᠠᠵᠠᠷ ᠨᠢ ᠨᠣᠭᠤᠭᠠᠨ᠂ ᠤᠰᠤ ᠨᠢ ᠲᠤᠩᠭᠠᠯᠠᠭ ᠣᠷᠣᠰᠢᠨ ᠰᠠᠭᠤᠬᠤ ᠳᠤ ᠲᠣᠬᠢᠷᠠᠮᠵᠢᠲᠠᠶ ᠪᠤᠤ ᠱᠠᠨ ᠢ ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠬᠤ ᠬᠡᠷᠡᠭᠲᠡᠶ ᠭᠡᠵᠤ ᠵᠢᠭᠠᠵᠤ ᠭᠠᠷᠭᠠᠪᠠ᠃    ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠲᠣᠭᠤᠷᠢᠭ ᠤᠨ ᠬᠠᠤᠯᠢᠵᠢᠯ ᠤᠨ ᠤᠯᠠᠭᠠᠨᠮᠥ᠋ᠴᠢᠷ ᠤᠨ ᠡᠩᠨᠡᠭᠡ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠬᠢᠵᠦ᠂ ᠦᠵᠡᠭᠴᠢᠳ ᠲᠤ ︽ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠵᠤ᠂ ᠤᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ᠂ ᠣᠷᠴᠢᠨ ᠲᠣᠭᠤᠷᠢᠨ ᠢ ᠬᠠᠮᠠᠭᠠᠯᠠᠨ ᠵᠠᠰᠠᠬᠤ︾ ᠭᠤᠣᠯ ᠰᠡᠳᠦᠪᠲᠦ ᠤᠢᠢᠯᠠᠭᠠᠭᠳᠠᠬᠤᠨ ᠢ ᠳᠠᠮᠵᠢᠭᠤᠯᠪᠠ᠃ ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠡᠯ᠎ᠡ ᠨᠢᠭᠡᠴᠢ ᠶᠢᠨ ᠠᠵᠢᠯᠲᠠᠨ ᠢᠶᠠᠷ ᠪᠦᠷᠢᠯᠳᠦᠭᠰᠡᠨ ᠬᠠᠤᠯᠢ ᠲᠦᠭᠡᠮᠡᠯᠵᠢᠭᠦᠯᠬᠦ ᠡᠩᠨᠡᠭᠡ ᠶᠢᠨ ᠬᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠬᠠᠤᠯᠢ ᠴᠠᠭᠠᠵᠠ ᠶᠢᠨ ᠯᠠᠪᠯᠠᠯᠭ᠎ᠠ ᠬᠦᠯᠢᠶᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ︽ᠤᠰᠤᠨ ᠤ ᠬᠠᠤᠯᠢ︾ ︽ᠣᠶ ᠰᠢᠭᠤᠶ ᠶᠢᠨ ᠬᠠᠤᠯᠢ︾ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ ᠪᠠ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠪᠠ᠃    ᠣᠶᠢᠯᠠᠭᠠᠭᠰᠠᠨ ᠢᠶᠠᠷ᠂ ︽ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ᠂ ᠣᠷᠴᠢᠨ ᠲᠣᠭᠤᠷᠢᠨ ᠢ ᠬᠠᠮᠠᠭᠠᠯᠠᠨ ᠵᠠᠰᠠᠬᠤ︾ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠨᠢ ᠨᠢᠭᠡᠨ ᠤᠷᠲᠤ ᠬᠤᠭᠤᠴᠠᠭᠠᠨ ᠤ ᠴᠢᠨᠠᠷᠲᠠᠶ ᠠᠵᠢᠯ ᠪᠣᠯᠤᠭᠰᠠᠨ ᠤ ᠬᠤᠪᠢ ᠳᠤ᠂ ᠬᠠᠤᠯᠢ ᠪᠠᠷ ᠵᠠᠰᠠᠬᠤ ᠰᠣᠶᠣᠯ ᠤᠨ ᠴᠡᠴᠡᠷᠯᠢᠭ᠂ ᠠᠭᠤᠳᠠᠮ ᠲᠠᠯᠠᠪᠠᠢ᠂ ᠤᠷᠳᠤ ᠬᠤᠩᠬᠢᠯ ᠵᠡᠷᠭᠡ ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ ᠪᠠ ᠰᠢᠨ᠎ᠡ ᠵᠠᠭᠤᠴᠢᠯᠠᠭᠤᠷ ᠤᠨ ᠲᠠᠪᠴᠠᠩ ᠳᠤ ᠦᠷᠭᠦᠯᠵᠢᠯᠡᠨ ᠲᠦᠰᠢᠭᠯᠡᠵᠦ᠂ ᠬᠠᠤᠯᠢ ᠲᠦᠭᠡᠮᠡᠯᠵᠢᠭᠦᠯᠬᠦ ᠬᠥᠮᠦᠵᠢᠯ ᠪᠠ ᠬᠠᠤᠯᠢ ᠪᠠᠷ ᠵᠠᠰᠠᠬᠤ ᠤᠯᠠᠭᠠᠨᠮᠥ᠋ᠴᠢᠷ ᠤᠨ ᠲᠣᠭᠯᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠤᠯᠠᠮ ᠴᠢᠨᠠᠭᠰᠢᠳᠠ ᠤᠬᠠᠭᠤᠯᠵᠤ᠂ ᠬᠠᠤᠯᠢ ᠪᠠᠷ ᠵᠠᠰᠠᠬᠤ ᠶᠢ ᠤᠯᠠᠨ ᠲᠦᠮᠡᠨ ᠳᠤ ᠣᠶᠢᠷᠠᠲᠤᠭᠤᠯᠵᠤ᠂ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠭᠦᠨ ᠵᠤᠵᠠᠭᠠᠨ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠦᠲᠦᠮᠵᠢᠲᠡᠢ ᠪᠤᠢ ᠪᠣᠯᠭᠠᠵᠤ᠂ ᠡᠶ᠎ᠡ ᠵᠣᠬᠢᠴᠠᠩᠭᠤᠢ᠂ ᠬᠠᠤᠯᠢ ᠪᠠᠷ ᠵᠠᠰᠠᠬᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠪᠤᠤ ᠱᠠᠨ ᠢ ᠪᠠᠶᠢᠭᠤᠯᠬᠤ ᠳᠤ ᠳᠠᠬᠢᠨᠲᠠ ᠬᠦᠴᠦᠨ ᠴᠢᠳᠠᠯ ᠢᠶᠠᠨ ᠬᠤᠷᠠᠮᠳᠤᠭᠤᠯᠤᠨ᠎ᠠ᠃
 
ᠢᠷᠡᠯᠲᠡ᠄ ᠶᠤᠸᠠᠨ ᠪᠤᠤ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1