ᠶᠤᠸᠠᠨ ᠪᠦᠦ ᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠦᠷᠭᠦᠯᠵᠢᠯᠡᠨ ᠬᠦᠮᠦᠵᠢᠭᠦᠯᠬᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠪᠠ
ᠨᠡᠶᠢᠲᠡᠯᠡᠭᠰᠡᠨ ᠴᠠᠭ᠄
2021/4/2
      ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠦᠷᠭᠦᠯᠵᠢᠯᠡᠨ ᠬᠦᠮᠦᠵᠢᠭᠦᠯᠬᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠲᠤᠳᠬᠠᠨ᠂ ᠡᠯ᠎ᠡ ᠲᠥᠷᠥᠯ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠪᠠ᠃ ᠪᠥᠬᠦ ᠲᠣᠭᠤᠷᠢᠭ ᠤᠨ ᠪᠠᠷᠢᠯᠭ᠎ᠠ ᠪᠠᠷᠢᠬᠤ ᠠᠵᠤ ᠠᠬᠤᠶᠢᠯᠠᠯ ᠤᠨ 70 ᠭᠠᠷᠤᠶ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠪᠣᠯᠪᠠᠰᠤᠷᠠᠭᠤᠯᠤᠯ ᠳᠤ ᠣᠷᠣᠯᠴᠠᠵᠠᠶ᠃       ᠲᠤᠰ ᠤᠳᠠᠭᠠᠨ ᠤ ᠪᠣᠯᠪᠠᠰᠤᠷᠠᠭᠤᠯᠤᠯ ᠳᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠮᠡᠷᠭᠡᠵᠢᠯᠲᠡᠨ ᠢ ᠤᠷᠢᠵᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠪᠠᠷᠢᠯᠭ᠎ᠠ ᠶᠢᠨ ᠠᠵᠢᠯ ᠤᠨ ᠲᠤᠬᠠᠶ ᠶᠢᠨ ᠭᠠᠵᠠᠷ ᠤᠨ ᠠᠶᠤᠯ ᠤᠨ ᠡᠬᠢ ᠰᠤᠷᠪᠤᠯᠵᠢ ᠶᠢᠨ ᠬᠢᠨᠠᠯᠲᠠ ᠬᠠᠮᠢᠶᠠᠷᠤᠯᠲᠠ ᠪᠠ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠵᠡᠷᠭᠡ ᠠᠭᠤᠯᠭ᠎ᠠ ᠶᠢᠨ ᠲᠤᠭᠤᠷᠢᠨ ᠳᠤ ᠬᠢᠴᠢᠶᠡᠯ ᠤᠷᠤᠵᠤ᠂ ᠹᠦᠵᠢᠶᠠᠨ ᠤ ᠴᠢᠤᠸᠠᠨ ᠵᠧᠤ ᠶᠢᠨ ᠰᠢᠨ ᠵᠢᠶᠠ ᠪᠠᠭᠤᠳᠠᠯ ᠤᠨ ︽3.7︾᠎ ᠤ ᠨᠤᠷᠠᠭᠰᠠᠨ ᠬᠡᠷᠡᠭ᠂ ᠪᠤᠭᠤᠲᠤ ᠬᠤᠲᠠ ᠶᠢᠨ ︽5.19︾᠎ ᠤ ᠪᠠᠷᠢᠯᠭ᠎ᠠ ᠶᠢᠨ ᠡᠷᠭᠦᠭᠦᠷ ᠮᠠᠰᠢᠨ ᠤᠨᠠᠭᠰᠠᠨ ᠵᠡᠷᠭᠡ ᠶᠡᠭᠡ ᠬᠡᠮᠵᠢᠶᠡᠨ ᠤ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠵᠤ ᠦᠵᠡᠪᠡᠯ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠡᠮ ᠰᠣᠭᠤᠭ ᠢ ᠠᠷᠢᠯᠭᠠᠬᠤ᠂ ᠠᠳᠡᠯ ᠢ ᠬᠤᠷᠢᠭᠯᠠᠬᠤ ᠵᠡᠷᠭᠡ ᠲᠠᠯ᠎ᠠ ᠶᠢᠨ ᠴᠢᠬᠤᠯᠠ ᠴᠢᠨᠠᠷ ᠢ ᠰᠢᠰᠲ᠋ᠧᠮ ᠲᠠᠢ ᠠᠮᠢᠳᠤᠯᠢᠭ ᠢᠶᠠᠷ ᠲᠠᠶᠢᠯᠪᠤᠷᠢᠯᠠᠵᠤ᠂ ᠪᠣᠯᠪᠠᠰᠤᠷᠠᠯ ᠳᠤ ᠣᠷᠣᠯᠴᠠᠭᠰᠠᠳ ᠤᠨ ᠠᠶᠤᠯᠭᠦᠶ ᠦᠢᠯᠡᠳᠪᠦᠷᠢᠯᠡᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠣᠨᠣᠯ ᠤᠨ ᠮᠡᠳᠡᠯᠭᠡ ᠶᠢᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠲᠠᠷᠠᠭᠠᠴᠢ ᠶᠢᠨ ᠠᠯᠬᠤᠮ ᠳᠤ ᠠᠳᠡᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠬᠦᠯᠬᠦ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠳᠤᠲᠠᠭᠤᠳᠠᠯ ᠢ ᠠᠷᠢᠯᠭᠠᠬᠤ ᠵᠡᠷᠭᠡ ᠲᠠᠯ᠎ᠠ ᠶᠢᠨ ᠠᠵᠢᠯ ᠳᠤ ᠰᠠᠭᠤᠷᠢ ᠲᠠᠯᠪᠢᠵᠤ ᠥᠭᠪᠡ᠃     ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠮᠤᠷ ᠲᠦᠪᠰᠢᠨ ᠤ ᠪᠣᠯᠪᠠᠰᠤᠷᠠᠯ᠂ ᠠᠮᠤᠷ ᠲᠦᠪᠰᠢᠨ ᠤ ᠪᠠᠶᠢᠴᠠᠭᠠᠯᠲᠠ ᠵᠡᠷᠭᠡ ᠠᠳᠠᠯᠢ ᠪᠤᠰᠤ ᠠᠷᠭ᠎ᠠ ᠬᠡᠯᠪᠡᠷᠢ ᠪᠠᠷ ᠠᠮᠤᠷ ᠲᠦᠪᠰᠢᠨ ᠤ ᠬᠥᠮᠦᠵᠢᠯ ᠬᠢᠵᠦ᠂ ᠪᠦᠬᠦ ᠲᠣᠭᠤᠷᠢᠭ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠴᠢᠳᠠᠪᠤᠷᠢ᠂ ᠲᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠴᠢᠳᠠᠪᠤᠷᠢ ᠂ ᠡ᠊ᠨᠳᠡᠯ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠵᠢᠴᠢ ᠬᠠᠮᠢᠶᠠᠷᠤᠭᠴᠢ ᠶᠢᠨ ᠠᠶᠤᠯᠭᠦᠶ ᠦᠢᠯᠡᠳᠪᠦᠷᠢᠯᠡᠯ ᠢ ᠠᠳᠬᠤᠬᠤ ᠦᠵᠡᠯ ᠤᠬᠠᠮᠰᠠᠷ ᠢ ᠨᠡᠮᠡᠭᠳᠡᠭᠦᠯᠦᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠶᠢ ᠵᠢᠯᠣᠭᠤᠳᠤᠨ ᠰᠢᠮᠳᠠᠭᠤᠯᠵᠤ ᠪᠠᠶᠢᠭᠠᠳ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠬᠢᠨᠠᠮᠠᠭᠠᠶ ᠪᠣᠳᠠᠲᠠᠶ ᠪᠠᠷ ᠨᠠᠶᠢᠳᠠᠪᠤᠷᠢᠵᠢᠭᠤᠯᠤᠨ᠂ ᠪᠥᠬᠦ ᠲᠤᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠶᠤᠸᠠᠨ ᠪᠤᠤ ᠱᠠᠨ ᠲᠤᠭᠤᠷᠢᠭ ‍ᠤᠨ‌ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1