ᠶᠤᠸᠠᠨ ᠪᠦᠦ ᠱᠠᠨ ᠲᠣᠭᠤᠷᠢᠭ ᠤᠨ ᠬᠢᠨ ᠪᠡᠭᠡᠵᠢᠩ ᠤᠨ ᠹᠠᠨ ᠬᠤᠸᠠ ᠰᠤᠷᠭᠠᠨ ᠬᠥᠮᠦᠵᠢᠯ ᠤᠨ ᠪᠦᠯᠦᠭᠯᠡᠯ ᠠᠵᠤ ᠦᠢᠯᠡᠰ ᠪᠤᠯᠤᠨ ᠵᠢᠭᠠᠨ ᠰᠤᠷᠭᠠᠯᠲᠠ ᠎ ᠶᠢ ᠠᠭᠤᠰᠤᠯᠴᠠᠭᠤᠯᠬᠤ ᠲᠦᠷᠦᠯ ᠵᠦᠢᠯ ᠤᠨ ᠲᠤᠬᠠᠢ ᠶ᠊
ᠨᠡᠶᠢᠲᠡᠯᠡᠭᠰᠡᠨ ᠴᠠᠭ᠄
2021/4/2
     3 ᠰᠠᠷ᠎ᠠ ᠶᠢᠨ 23᠎ ᠤ ᠡᠳᠦᠷ᠂ ᠪᠡᠭᠡᠵᠢᠩ ᠤᠨ ᠹᠠᠨ ᠬᠤᠸᠠ ᠰᠤᠷᠭᠠᠨ ᠬᠥᠮᠦᠵᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠱᠢ ᠳ᠋ᠠᠶ ᠸᠧᠶ ᠨᠡᠷ ᠶᠤᠸᠠᠨ ᠪᠦᠦ ᠱᠠᠨ ᠲᠣᠭᠤᠷᠢᠭ ᠲᠤ ᠢᠷᠡᠵᠦ ᠠᠵᠤ ᠦᠢᠯᠡᠰ ᠪᠤᠯᠤᠨ ᠵᠢᠭᠠᠨ ᠰᠤᠷᠭᠠᠯᠲᠠ ᠶᠢ ᠠᠭᠤᠰᠤᠯᠴᠠᠭᠤᠯᠬᠤ  ᠲᠦᠷᠦᠯ ᠵᠦᠢᠯ ᠤᠨ ᠲᠤᠬᠠᠶ ᠶᠠᠷᠢᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠶᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠼᠤᠤ ᡁᠢ ᠶᠦᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠩ ᠷᠦᠢ ᠪᠦᠦ᠂ ᠯᠢ ᠵᠠᠨ ᠵᠢᠶᠧ ᠶᠠᠷᠢᠯᠴᠠᠬᠤ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠱᠢ ᠳ᠋ᠠᠢ ᠸᠧᠢ ᠪᠡᠭᠡᠵᠢᠩ ᠤᠨ ᠹᠠᠨ ᠬᠤᠸᠠ ᠰᠤᠷᠭᠠᠨ ᠬᠥᠮᠦᠵᠢᠯ ᠤᠨ ᠪᠦᠯᠦᠭᠯᠡᠯ ᠤᠨ ᠬᠥᠭᠵᠢᠯᠲᠡ ᠶᠢᠨ ᠶᠠᠪᠤᠴᠠ᠂ ᠬᠥᠭᠵᠢᠯᠲᠡ ᠶᠢᠨ ᠲᠥᠯᠥᠪᠵᠢᠭᠦᠯᠭᠡ᠂ ᠠᠵᠤ ᠠᠬᠤᠶᠢᠯᠠᠯ ᠤᠨ ᠠᠯᠤᠰ ᠤᠨ ᠲᠥᠯᠥᠪ ᠪᠣᠯᠤᠨ ᠬᠥᠭᠵᠢᠯᠲᠡ ᠶᠢᠨ ᠠᠮᠵᠢᠯᠲᠠ ᠵᠡᠷᠭᠡ ᠶᠢ ᠲᠠᠨᠢᠯᠴᠠᠭᠤᠯᠪᠠ  ᠂ ᠡᠭᠦᠨ ᠤ ᠬᠠᠮᠲᠤ ᠪᠦᠯᠦᠭᠯᠡᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠠᠭᠪᠤᠷ ᠢ ᠡᠭᠦᠳᠦᠭᠰᠡᠨ ᠠᠮᠵᠢᠯᠲᠠ ᠲᠠᠢ ᠬᠡᠷᠡᠭ ᠤᠨ ᠵᠢᠱᠢᠶ᠎ᠡ ᠶᠢ ᠭᠤᠣᠯᠳᠠᠯᠭ᠎ᠠ ᠲᠠᠢ ᠲᠠᠨᠢᠯᠴᠠᠭᠤᠯᠵᠤ᠂ ᠮᠠᠨ ᠤ ᠣᠷᠣᠨ ᠲᠠᠢ ᠵᠣᠯᠭᠠᠭᠤᠯᠵᠤ᠂ ᠬᠠᠮᠲᠤᠷᠠᠯᠴᠠᠭ᠎ᠠ ᠦᠷᠨᠢᠭᠦᠯᠬᠦ ᠶᠢ ᠬᠦᠰᠡᠵᠤ᠂ ᠤᠯᠠᠨ ᠡᠰᠢᠴᠢᠯᠡᠭᠰᠡᠨ ᠬᠡᠯᠪᠡᠷᠢ ᠪᠠᠷ ᠰᠢᠯᠢᠳᠡᠭ ᠰᠠᠶᠢᠨ ᠬᠠᠮᠢᠶᠠᠷᠤᠯᠲᠠ᠂ ᠵᠢᠭᠠᠨ ᠰᠤᠷᠭᠠᠯᠲᠠ᠂ ᠪᠣᠯᠪᠠᠰᠤᠷᠠᠯ ᠵᠡᠷᠭᠡ ᠡᠬᠢ ᠪᠠᠶᠠᠯᠢᠭ ᠢ ᠭᠠᠳᠠᠭᠰᠢ ᠭᠠᠷᠭᠠᠵᠤ᠂ ᠶᠤᠸᠠᠨ ᠪᠦᠦ ᠱᠠᠨ ᠲᠣᠭᠤᠷᠢᠭ᠂ ᠤᠯᠠᠭᠠᠨᠬᠠᠳᠠ ᠬᠤᠳᠠ ᠴᠢᠨᠠᠭᠰᠢᠯᠠᠪᠠᠯ ᠡᠷᠬᠢᠨ ᠲᠣᠭᠤᠷᠢᠨ ᠤ ᠥᠪᠥᠷ ᠮᠣᠩᠭᠤᠯ ᠡᡁᠧᠪᠸᠢ ᠯᠢᠶᠣᠤᠨᠢᠩ ᠤᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠪᠦᠬᠦᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠶᠢ ᠬᠦᠰᠡᠪᠡ᠃     ᠶᠠᠷᠢᠯᠴᠠᠬᠤ ᠬᠤᠷᠠᠯ ᠤᠨ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠠᠵᠤ ᠦᠢᠯᠡᠰ ᠪᠤᠯᠤᠨ ᠵᠢᠭᠠᠨ ᠰᠤᠷᠭᠠᠯᠲᠠ ᠶᠢ ᠠᠭᠤᠰᠤᠯᠴᠠᠭᠤᠯᠤᠨ ᠬᠥᠭᠵᠢᠭᠦᠯᠬᠦ ᠰᠡᠳᠬᠢᠴᠡ᠂ ᠬᠠᠮᠲᠤᠷᠠᠯᠴᠠᠭᠠᠨ ᠤ ᠴᠡᠭ᠂ ᠬᠡᠷᠡᠭᠴᠡᠭᠡ ᠱᠠᠭᠠᠷᠳᠠᠯᠭ᠎ᠠ ᠶᠢᠨ ᠴᠡᠭ ᠵᠡᠷᠭᠡ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠮᠲᠤᠷᠠᠯᠴᠠᠭ᠎ᠠ ᠶᠢ ᠴᠢᠨᠠᠭᠰᠢᠳᠠ ᠠᠬᠢᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠴᠡᠢ᠃    ᠸᠠᠩ ᠶᠦᠩ ᠱᠢ ᠳ᠋ᠠᠢ ᠸᠧᠢ ᠨᠡᠷ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠠᠵᠤ ᠦᠢᠯᠡᠰ ᠪᠤᠯᠤᠨ ᠵᠢᠭᠠᠨ ᠰᠤᠷᠭᠠᠯᠲᠠ ᠶᠢ ᠭᠦᠨᠵᠡᠭᠡᠢ ᠠᠭᠤᠰᠤᠯᠴᠠᠭᠤᠯᠬᠤ ᠨᠢ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠬᠦ᠂ ᠣᠷᠣᠨ ᠪᠦᠰᠡ ᠶᠢᠨ ᠠᠵᠤ ᠠᠬᠤᠢ ᠪᠠ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠶᠤᠸᠠᠨ ᠪᠦᠦ ᠱᠠᠨ ᠲᠣᠭᠤᠷᠢᠭ ᠲᠤ ᠰᠢᠯᠢᠳᠡᠭ ᠰᠠᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠠᠭᠤᠷᠢ ᠪᠠ ᠰᠢᠯᠢᠳᠡᠭ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠲᠠᠢ ᠪᠠᠶᠢᠵᠤ᠂ ᠴᠢᠳᠠᠪᠤᠷᠢᠲᠠᠨ ᠢ ᠬᠥᠮᠦᠵᠢᠭᠦᠯᠬᠦ ᠪᠠ ᠠᠵᠤ ᠦᠢᠯᠡᠰ ᠤᠨ ᠬᠥᠭᠵᠢᠯᠲᠡ ᠶᠢ ᠵᠡᠷᠭᠡᠪᠡᠷ ᠠᠬᠢᠭᠤᠯᠬᠤ ᠶᠢ ᠪᠡᠶᠡᠯᠡᠭᠦᠯᠬᠦ ᠳᠤ ᠠᠰᠢᠭᠲᠠᠢ ᠶᠤᠮ᠂ ᠪᠡᠭᠡᠵᠢᠩ ᠤᠨ ᠹᠠᠨ ᠬᠤᠸᠠ ᠰᠤᠷᠭᠠᠨ ᠬᠥᠮᠦᠵᠢᠯ ᠤᠨ ᠪᠦᠯᠦᠭᠯᠡᠯ ᠶᠤᠸᠠᠨ ᠪᠦᠦ ᠱᠠᠨ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠠᠵᠤ ᠦᠢᠯᠡᠰ ᠪᠤᠯᠤᠨ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠪᠦᠳᠦᠭᠡᠨ ᠪᠠᠶᠢᠭᠤᠯᠤᠯᠲᠠ ᠶᠢᠨ ᠲᠤᠬᠠᠢ ᠪᠣᠳᠠᠲᠠᠢ ᠲᠥᠰᠦᠯ ᠳᠤᠷᠠᠳᠴᠤ᠂ ᠠᠵᠢᠯ ᠤᠨ ᠬᠤᠪᠢᠶᠠᠷᠢᠯᠠᠯ ᠤᠨ ᠪᠣᠷᠣ ᠲᠥᠯᠥᠪ ᠢ ᠲᠣᠳᠣᠷᠬᠠᠶᠢᠯᠠᠵᠤ᠂ ᠬᠤᠶᠠᠷ ᠲᠠᠯ᠎ᠠ ᠶᠢᠨ ᠤᠢᠢᠯᠠᠭᠠᠭᠳᠠᠬᠤᠨ᠂ ᠲᠥᠯᠥᠪᠵᠢᠭᠦᠯᠭᠡ᠂ ᠪᠣᠳᠠᠲᠠᠢ ᠲᠦᠷᠦᠯ ᠵᠦᠢᠯ ᠤᠨ ᠲᠠᠯ᠎ᠠ ᠪᠠᠷ ᠤᠯᠠᠮ ᠴᠢᠨᠠᠭᠰᠢᠳᠠ ᠭᠦᠨᠵᠡᠭᠡᠢ ᠵᠣᠯᠭᠠᠭᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃     ᠣᠶᠢᠯᠠᠭᠠᠭᠰᠠᠨ ᠢᠶᠠᠷ᠂ ᠪᠡᠭᠡᠵᠢᠩ ᠤᠨ ᠹᠠᠨ ᠬᠤᠸᠠ ᠰᠤᠷᠭᠠᠨ ᠬᠥᠮᠦᠵᠢᠯ ᠤᠨ ᠪᠦᠯᠦᠭᠯᠡᠯ ᠪᠣᠯ ᠤᠯᠤᠰ ᠠᠴᠠ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠦᠷᠭᠡᠳᠬᠡᠨ ᠬᠥᠭᠵᠢᠭᠦᠯᠬᠦ ᠰᠢᠨ᠎ᠡ ᠪᠠᠶᠢᠳᠠᠯ ᠤᠨ ᠳᠣᠣᠷ᠎ᠠ᠂ ᠠᠵᠤ ᠦᠢᠯᠡᠰ ᠪᠤᠯᠤᠨ ᠵᠢᠭᠠᠨ ᠰᠤᠷᠭᠠᠯᠲᠠ ᠶᠢ ᠭᠦᠨᠵᠡᠭᠡᠶ ᠠᠭᠤᠰᠤᠯᠴᠠᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠤᠨ ᠨᠢᠭᠲᠠ ᠬᠠᠮᠲᠤᠷᠠᠯᠴᠠᠭ᠎ᠠ ᠪᠠᠷ ᠤᠳᠤᠷᠢᠳᠤᠮᠵᠢ ᠪᠣᠯᠭᠠᠵᠤ᠂ ᠬᠠᠷᠸᠠᠷᠳ᠋ ᠶᠡᠭᠡ ᠰᠤᠷᠭᠠᠭᠤᠯᠢ ᠶᠢᠨ ᠳ᠋ᠣᠺᠲ᠋ᠣᠷ ᠱᠢ ᠳ᠋ᠠᠶ ᠸᠧᠶ ᠠᠪᠤᠭᠠᠶ ᠠᠴᠠ ᠨᠢᠭᠡ ᠪᠦᠯᠦᠭ ᠰᠤᠷᠭᠠᠨ ᠬᠥᠮᠦᠵᠢᠯ ᠤᠨ ᠬᠠᠶᠢᠷ᠎ᠠ ᠰᠡᠳᠬᠢᠯᠭᠡ ᠲᠠᠢ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠵᠢᠳᠬᠦᠳᠡᠭ ᠠᠵᠤ ᠠᠬᠤᠶᠢᠯᠠᠯᠲᠠᠨ ᠪᠠ ᠨᠠᠷᠠᠲᠤ ᠰᠢᠯᠢᠳᠡᠭ ᠪᠠᠭᠰᠢ ᠲᠠᠢ ᠬᠠᠮᠲᠤᠷᠠᠨ ᠡᠭᠦᠳᠦᠨ ᠪᠠᠶᠢᠭᠤᠯᠵᠤ᠂ ᠪᠥᠬᠦ ᠰᠡᠳᠬᠢᠯ ᠢᠶᠠᠷ ᠢᠶᠠᠨ ᠴᠣᠭᠴᠠᠯᠠᠨ ᠪᠠᠶᠢᠭᠤᠯᠤᠭᠰᠠᠨ ᠠᠷᠠᠳ ᠠᠴᠠ ᠡᠷᠭᠢᠯᠡᠭᠰᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠯᠦᠭᠯᠡᠯ ᠲᠠᠢ ᠬᠤᠯᠪᠣᠭᠠᠯᠠᠵᠤ᠂ ᠣᠳᠣᠬᠠᠨ ᠳᠤ ᠤᠯᠤᠰ ᠤᠨ ᠳᠣᠲᠣᠭᠠᠳᠤ ᠳᠤ ᠮᠠᠰᠢ ᠣᠯᠠᠨ ᠨᠢᠭᠲᠠ ᠬᠠᠮᠲᠤᠷᠠᠯᠴᠠᠭᠰᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠪᠠᠶᠢᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠡᠷᠡᠭᠦᠯ ᠮᠡᠨᠳᠦ ᠶᠢᠨ ᠬᠠᠮᠢᠶᠠᠷᠤᠯᠲᠠ᠂ ᠰᠢᠨ᠎ᠡ ᠵᠠᠭᠤᠴᠢᠯᠠᠭᠤᠷ ᠤᠨ ᠡᠵᠡᠩᠨᠡᠯᠲᠡ᠂ ᠲᠣᠮᠣ ᠳ᠋ᠠᠶᠢᠲ᠋ᠠ ᠶᠢᠨ ᠵᠠᠰᠠᠯᠲᠠ᠂ ᠡᠮᠴᠢᠯᠡᠭᠡᠨ ᠤ ᠲᠥᠬᠦᠭᠡᠷᠦᠮᠵᠢ ᠶᠢᠨ ᠬᠠᠮᠠᠭᠠᠯᠠᠯᠲᠠ ᠬᠠᠮᠢᠶᠠᠷᠤᠯᠲᠠ ᠵᠡᠷᠭᠡ ᠨᠡᠶᠢᠭᠡᠮ ᠳᠤ ᠳᠤᠲᠠᠭᠳᠠᠵᠤ ᠪᠠᠶᠢᠭ᠎ᠠ ᠡᠯ᠎ᠡ ᠲᠥᠷᠥᠯ ᠤᠨ ᠲᠤᠰᠬᠠᠶ ᠮᠡᠷᠭᠡᠵᠢᠯ ᠢ 8 ᠡᠷᠭᠢᠯᠡᠵᠦ᠂ 100 ᠭᠠᠷᠤᠶ ᠬᠥᠮᠦᠨ ᠤ ᠥᠨᠳᠥᠷ ᠬᠡᠪ ᠪᠣᠯᠪᠠᠰᠤᠷᠠᠯ ᠲᠠᠢ᠂ ᠥᠨᠳᠥᠷ ᠬᠢᠷᠢ ᠲᠦᠪᠰᠢᠨ ᠲᠠᠢ ᠬᠤᠤᠰ ᠪᠠᠭᠰᠢ ᠶᠢᠨ ᠡᠩᠨᠡᠭᠡ ᠲᠠᠢ ᠪᠣᠯᠵᠠᠶ᠃
 
ᠢᠷᠡᠯᠲᠡ᠄ ᠶᠤᠸᠠᠨ ᠪᠤᠤ ᠱᠠᠨ ᠲᠤᠭᠤᠷᠢᠭ ‍ᠤᠨ‌ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1