ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ︽ᠤᠯᠠᠭᠠᠨᠬᠠᠳᠠ ᠶᠢᠨ | ᠨᠢᠭᠡᠳᠦᠮᠡᠯ ᠹᠷᠣᠨᠲ ᠤᠨ ᠰᠡᠳᠬᠢᠯ ᠢᠶᠠᠨ ᠨᠢᠭᠡᠳᠬᠡᠬᠦ · ᠦᠢᠯᠡᠴᠢᠯᠡᠭᠡᠨ ᠤ ᠪᠦᠯᠬᠦᠮ︾ ᠢ ᠳᠠᠭᠠᠭᠤᠯᠤᠨ ᠤᠯᠠᠭᠠᠨᠬᠠᠳᠠ | ᠬᠤᠲᠠ ᠶᠢᠨ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ | ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠣᠨ ᠳᠤ ᠬᠦᠷᠴᠦ ᠨᠡᠶᠢᠭᠡᠮ ᠤᠨ ᠦᠢᠯᠡᠴᠢᠯᠡᠭᠡ ᠥᠷᠨᠢᠭᠦᠯᠵᠦ᠂ ᠪᠥᠬᠦ | ᠵᠢᠯ ᠤᠨ ᠬᠤᠰᠢᠭᠤ ᠰᠢᠶᠠᠨ ᠤ ᠠᠶᠠᠯᠠᠯ ᠤᠨ ᠠᠵᠢᠯᠯᠠᠭᠠᠨ ᠤ ᠬᠥᠰᠢᠭᠡ ᠶᠢ ᠨᠡᠭᠡᠭᠡᠭᠰᠡᠨ ᠪᠠᠶᠢᠨ᠎ᠠ᠃ ᠬᠤᠲᠠ ᠶᠢᠨ | ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠵᠠᠩ ᠶᠠᠨ᠂ ᠶᠤᠸᠠᠨ ᠪᠦᠦ ᠱᠠᠨ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ | ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠴᠥ᠋ | ᠬᠠᠶ ᠪᠥᠸᠧ ᠠᠵᠢᠯᠯᠠᠭ᠎ᠠ ᠳᠤ ᠣᠷᠣᠯᠴᠠᠪᠠ᠃ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ | ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠭᠠᠳᠠᠨᠠᠬᠢ ᠰᠡᠬᠡᠭᠡᠲᠡᠨ ᠤ ᠨᠥᠬᠦᠷᠯᠡᠯ ᠤᠨ | ᠬᠤᠷᠠᠯ᠂ ᠬᠤᠳᠠ ᠶᠢᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠥᠬᠦᠷᠯᠡᠯ ᠤᠨ ᠬᠤᠷᠠᠯ᠂ ᠨᠡᠭᠡᠭᠡᠨ ᠬᠥᠭᠵᠢᠭᠦᠯᠬᠦ | ᠲᠤᠷᠰᠢᠯᠲᠠ ᠶᠢᠨ ᠣᠷᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠳᠠ ᠲᠣᠭᠤᠷᠢᠭ ᠬᠤᠶᠠᠷ ᠱᠠᠲᠤᠨ ᠤ | ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠭᠤᠯᠤᠯᠭ᠎ᠠ ᠶᠢᠨ ᠺᠠᠳ᠋ᠷ ᠵᠢᠴᠢ ᠰᠡᠳᠬᠢᠯ ᠢᠶᠠᠨ ᠨᠢᠭᠡᠳᠬᠡᠬᠦ · | ᠦᠢᠯᠡᠴᠢᠯᠡᠭᠡᠨ ᠤ ᠪᠦᠯᠬᠦᠮ ᠤᠨ 30 ᠰᠢᠬᠠᠮ ᠪᠦᠷᠢᠯᠳᠦᠬᠦᠨ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠪᠠ᠃ | ᠲᠣᠰ ᠤᠳᠠᠭᠠᠨ ᠤ ᠠᠵᠢᠯᠯᠠᠭ᠎ᠠ ᠳᠤ ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶ᠎ᠠ᠂ ᠬᠤᠲᠠ ᠶᠢᠨ | ᠬᠤᠶᠠᠳᠤᠭᠠᠷ ᠡᠮᠨᠡᠯᠭᠡ ᠶᠢᠨ ᠬᠤᠷᠢᠶ᠎ᠠ᠂ ᠬᠤᠲᠠ ᠶᠢᠨ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ᠂ ᠤᠯᠠᠭᠠᠨᠬᠠᠳᠠ | ᠳᠡᠭᠡᠳᠦ ᠰᠤᠷᠭᠠᠭᠤᠯᠢ ᠶᠢᠨ ᠮᠣᠩᠭᠤᠯ ᠡᠮᠨᠡᠯᠭᠡ ᠶᠢᠨ ᠳ᠋ᠣᠺᠲ᠋ᠣᠷ ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ | ᠠᠩᠭᠢ ᠶᠢᠨ 13 ᠡᠮᠴᠢᠯᠡᠭᠡᠨ ᠤ ᠲᠤᠰᠬᠠᠶ ᠮᠡᠷᠭᠡᠵᠢᠯᠲᠡᠨ ᠪᠠ 5 ᠨᠡᠷ᠎ᠡ ᠬᠦᠨᠳᠦᠲᠦ ᠬᠠᠤᠯᠢᠴᠢ᠂ ᠰᠡᠳᠬᠢᠴᠡ ᠶᠢᠨ | ᠵᠥᠪᠯᠡᠯᠭᠡ ᠥᠭᠭᠦᠭᠴᠢ ᠶᠢ ᠤᠷᠢᠵᠤ᠂ ᠬᠦᠷᠢᠶᠡᠯᠡᠩ ᠲᠣᠭᠤᠷᠢᠭ ᠤᠨ ᠥᠷᠭᠡᠨ ᠣᠯᠠᠨ ᠠᠵᠢᠯᠲᠠᠨ ᠠᠵᠢᠯᠴᠢᠨ ᠵᠢᠴᠢ | ᠲᠡᠳᠡᠨ ᠤ ᠬᠡᠷ ᠪᠦᠯᠢ ᠶᠢᠨ ᠬᠢᠨ ᠳᠤ ᠰᠦᠢᠳᠭᠡᠯ ᠬᠤᠷᠢᠶᠠᠬᠤ ᠥᠬᠡᠶ ᠪᠠᠷ ᠡᠮᠴᠢᠯᠡᠭᠡᠨ ᠤ ᠦᠢᠯᠡᠴᠢᠯᠡᠭᠡ᠂ ᠬᠠᠤᠯᠢ | ᠴᠠᠭᠠᠵᠠ ᠶᠢᠨ ᠵᠥᠪᠯᠡᠯᠭᠡ᠂ ᠰᠡᠳᠬᠢᠴᠡ ᠶᠢᠨ ᠵᠥᠪᠯᠡᠯᠭᠡ ᠬᠠᠩᠭᠠᠵᠤ᠂ ᠪᠠᠴᠢᠮ ᠪᠠᠶᠢᠳᠠᠯ ᠢ ᠠᠷᠭᠠᠴᠠᠬᠤ ᠠᠮᠤᠷ | ᠲᠦᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠡᠶ᠃ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ | ᠡᠮᠴᠢᠯᠡᠭᠡᠨ ᠤ ᠲᠤᠰᠬᠠᠶ ᠮᠡᠷᠭᠡᠵᠢᠯᠲᠡᠨ ᠠᠵᠢᠯᠲᠠᠨ ᠠᠵᠢᠯᠴᠢᠨ ᠤ ᠰᠤᠳᠠᠯ ᠢ ᠨᠠᠷᠢᠨ ᠨᠢᠮᠪᠠᠶ ᠪᠠᠶᠢᠴᠠᠭᠠᠨ ᠣᠨᠣᠰᠢᠯᠠᠵᠤ᠂ | ᠡᠮᠴᠢᠯᠡᠭᠡᠨ ᠤ ᠮᠡᠳᠡᠯᠭᠡ ᠶᠢ ᠨᠠᠷᠢᠨ ᠨᠢᠮᠪᠠᠶ ᠲᠠᠶᠢᠯᠪᠤᠷᠢᠯᠠᠨ ᠥᠭᠴᠦ᠂ ᠡᠯ᠎ᠡ ᠵᠦᠢᠯ ᠤᠨ ᠠᠰᠠᠭᠤᠳᠠᠯ ᠢ | ᠬᠦᠯᠢᠴᠡᠩᠭᠦᠶ ᠪᠠᠷ ᠬᠠᠷᠢᠭᠤᠯᠬᠤ ᠶᠢᠨ ᠬᠠᠮᠲᠤ ᠲᠡᠭᠦᠨ ᠤ ᠡᠷᠡᠭᠦᠯ ᠮᠡᠨᠳᠦ ᠶᠢᠨ ᠪᠠᠶᠢᠳᠠᠯ ᠲᠠᠢ ᠤᠶᠠᠯᠳᠤᠭᠤᠯᠤᠨ | ᠡᠮᠴᠢᠯᠡᠭᠡᠨ ᠤ ᠰᠠᠨᠠᠭᠤᠯᠭ᠎ᠠ ᠭᠠᠷᠭᠠᠭᠰᠠᠨ ᠪᠠᠶᠢᠨ᠎ᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠠᠵᠢᠯᠯᠠᠭ᠎ᠠ ᠨᠢ | ᠣᠯᠠᠨ ᠳᠤ ᠥᠪᠡᠷ ᠤᠨ ᠭᠡᠷ ᠲᠡᠭᠡᠨ ᠥᠨᠳᠥᠷ ᠬᠢᠷᠢ ᠲᠦᠪᠰᠢᠨ ᠪᠥᠬᠦᠶ ᠰᠦᠢᠳᠭᠡᠯ ᠬᠤᠷᠢᠶᠠᠬᠤ ᠥᠬᠡᠶ ᠡᠮᠴᠢᠯᠡᠭᠡ | ᠡᠷᠡᠭᠦᠯᠵᠢᠯ᠂ ᠬᠠᠤᠯᠢ ᠴᠠᠭᠠᠵᠠ ᠶᠢᠨ ᠵᠥᠪᠯᠡᠯᠭᠡ ᠪᠠ ᠰᠡᠳᠬᠢᠴᠡ ᠶᠢᠨ ᠵᠥᠪᠯᠡᠯᠭᠡ ᠥᠭᠬᠦ ᠦᠢᠯᠡᠴᠢᠯᠡᠭᠡ ᠶᠢ | ᠡᠳ᠋ᠯᠡᠭᠦᠯᠵᠦ᠂ ᠨᠠᠮ ᠪᠠ ᠵᠠᠰᠠᠭ ᠤᠨ ᠣᠷᠳᠣᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠯᠠᠮᠵᠢᠯᠠᠯ ᠢ ᠦᠨᠡᠨ | ᠬᠦ ᠮᠡᠳᠡᠷᠡᠭᠦᠯᠪᠡ ᠭᠡᠵᠤ ᠢᠯᠡᠳᠬᠡᠪᠡ᠃ | ᠡᠨᠡ ᠬᠦ ᠠᠵᠢᠯᠯᠠᠭ᠎ᠠ ᠨᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠵᠢᠴᠢ ᠲᠡᠳᠡᠨ ᠤ ᠬᠡᠷ ᠪᠦᠯᠢ ᠶᠢᠨ | 300 ᠭᠠᠷᠤᠶ ᠬᠥᠮᠦᠨ ᠳᠤ ᠠᠰᠢᠭ ᠬᠦᠷᠲᠡᠭᠡᠵᠦ᠂ ᠪᠥᠬᠦ ᠵᠢᠯ ᠤᠨ ᠬᠤᠰᠢᠭᠤ ᠰᠢᠶᠠᠨ ᠤ ᠠᠶᠠᠯᠠᠯ ᠤᠨ | ᠠᠵᠢᠯᠯᠠᠭ᠎ᠠ ᠳᠤ ᠰᠠᠶᠢᠨ ᠡᠬᠢᠯᠡᠯᠲᠡ ᠲᠠᠢ ᠪᠣᠯᠤᠭᠰᠠᠨ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ | ᠹᠷᠣᠨᠲ ᠤᠨ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠳᠠᠷᠠᠭᠠᠴᠢ ᠶᠢᠨ ᠠᠯᠬᠤᠮ ᠳᠤ᠂ ᠬᠤᠳᠠ ᠶᠢᠨ | ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠦᠢᠯᠡᠴᠢᠯᠡᠭᠡᠨ ᠤ ᠶᠠᠰᠤ ᠴᠢᠨᠠᠷ ᠪᠣᠯᠤᠨ ᠲᠦᠪᠰᠢᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠢᠭᠡᠳᠦᠮᠡᠯ ᠹᠷᠣᠨᠲ ᠤᠨ ᠪᠦᠷᠢᠯᠳᠦᠬᠦᠨ᠂ ᠥᠷᠭᠡᠨ ᠤᠯᠠᠨ | ᠲᠦᠮᠡᠨ ᠯᠦᠭᠡ ᠶᠢᠨ ᠬᠠᠷᠢᠯᠴᠠᠭ᠎ᠠ ᠪᠠᠨ ᠨᠢᠭᠲᠠᠷᠠᠭᠤᠯᠵᠤ᠂ ᠲᠡᠳᠡᠨ ᠳᠤ ᠨᠡᠩ ᠤᠯᠠᠨ ᠰᠠᠶᠢᠨ ᠶᠠᠪᠤᠳᠠᠯ ᠬᠢᠵᠦ᠂ ᠨᠡᠩ | ᠤᠯᠠᠨ ᠬᠦᠴᠢᠷ ᠶᠠᠪᠤᠳᠠᠯ ᠢ ᠰᠢᠢᠳᠪᠦᠷᠢᠯᠡᠨ ᠥᠭᠴᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠬᠠᠮᠤᠭ ᠤᠨ ᠭᠤᠶᠤ ᠢᠵᠢᠯ ᠲᠥᠪᠲᠦ ᠲᠣᠭᠤᠷᠢᠭ ᠢ ᠵᠢᠷᠤᠵᠤ᠂ ᠠᠭᠤᠤ ᠶᠡᠭᠡ ᠰᠡᠷᠭᠦᠨ ᠮᠠᠨᠳᠤᠯᠲᠠ ᠶᠢᠨ ᠵᠡᠭᠦᠳᠦ ᠶᠢ | ᠬᠠᠮᠲᠤᠪᠠᠷ ᠲᠡᠷᠭᠡᠯᠰᠢᠭᠦᠯᠦᠨ᠎ᠡ ᠭᠡᠵᠦ ᠢᠯᠡᠳᠬᠡᠪᠡ᠃ |