ᠼᠤᠤ ᡁᠢ ᠶᠦᠩ ᠲᠣᠭᠤᠷᠢᠭ ᠤᠨ ᠠᠷᠠᠯᠵᠢᠶᠠᠴᠢᠨ ᠤᠷᠢᠵᠤ ᠪᠠᠯᠠ ᠲᠠᠲᠠᠬᠤᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠵᠢᠯᠣᠭᠤᠳᠬᠤᠭᠠᠵᠠᠷ ︵ᠥᠷᠭᠡᠳᠬᠡᠭᠰᠡᠨ︶᠎ ᠤᠨ ᠬᠤᠷᠠᠯ ᠢ ᠡᠷᠭᠢᠯᠡᠨ ᠬᠤᠷᠠ᠊
ᠨᠡᠶᠢᠲᠡᠯᠡᠭᠰᠡᠨ ᠴᠠᠭ᠄
2021/4/2
       3 ᠳ᠋ᠤᠭᠠᠷ ᠰᠠᠷ᠎ᠠ ᠶᠢᠨ 25᠎ ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠤᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠼᠤᠤ ᡁᠢ ᠶᠦᠩ ᠲᠣᠭᠤᠷᠢᠭ ᠤᠨ  ᠠᠷᠠᠯᠵᠢᠶᠠᠴᠢᠨ ᠤᠷᠢᠵᠤ ᠪᠠᠯᠠ ᠲᠠᠲᠠᠬᠤ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ ︵ᠥᠷᠭᠡᠳᠬᠡᠭᠰᠡᠨ︶᠎ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠤᠳᠤᠷᠢᠳᠤᠯᠭ᠎ᠠ ᠵᠥᠩ ᠴᠢᠩ ᠰᠥᠩ᠂ ᠶᠢᠨ ᠶᠠᠨ ᠴᠧᠨ᠂ ᠵᠤ᠋ ᠰᠢᠶᠤᠤ ᠬᠤᠶ᠂ ᠹᠦ᠋ ᠰᠢᠤ ᠬᠤᠶ᠂ ᠴᠧᠩ ᠷᠦᠢ ᠪᠦᠦ᠂ ᠯᠢ ᠵᠠᠨ ᠵᠢᠶᠧ᠂ ᠷᠧᠨ ᠢᠦᠶ ᠯᠦᠩ᠂ ᠢᠦᠶ ᠽᠦᠸᠧ ᠬᠤᠤ ᠬᠤᠷᠠᠯ ᠳᠤ ᠣᠷᠣᠯᠴᠠᠪᠠ︔ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠣᠭᠤᠷᠢᠭ ᠤᠨ ᠠᠷᠠᠯᠵᠢᠶᠠᠴᠢᠨ ᠤᠷᠢᠬᠤ ᠰᠠᠯᠪᠤᠷᠢ ᠪᠠᠭ᠎ᠠ ᠠᠩᠬᠢ ᠵᠢᠴᠢ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃        ᠬᠤᠷᠠᠯ ᠠᠴᠠ ᠮᠠᠨ ᠤ ᠲᠤᠭᠤᠷᠢᠭ ᠤᠨ ᠣᠳᠣᠬᠠᠨ ᠤ ᠡᠨᠧᠷᠭᠢ ᠶᠢᠨ ᠬᠤᠷᠣᠭᠳᠠᠯ ᠤᠨ ᠶᠡᠷᠦᠩᠬᠡᠶ ᠪᠠᠶᠢᠳᠠᠯ ᠤᠨ ᠪᠠᠶᠢᠳᠠᠯ᠂ ᠠᠷᠠᠯᠵᠢᠶᠠᠴᠢᠨ ᠤᠷᠢᠵᠤ ᠪᠠᠯᠠ ᠲᠠᠲᠠᠬᠤ ᠪᠠ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠰᠣᠨᠣᠰᠤᠨ ᠵᠠᠳᠠᠯᠤᠭᠰᠠᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠭᠤᠤᠯᠳᠠᠯᠭ᠎ᠠ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃         ᠼᠤᠤ ᡁᠢ ᠶᠦᠩ ᠵᠢᠭᠠᠵᠤ ᠭᠠᠷᠭᠠᠭᠰᠠᠨ ᠨᠢ        ᠠᠷᠠᠯᠵᠢᠶᠠᠴᠢᠨ ᠤᠷᠢᠵᠤ ᠪᠠᠯᠠ ᠲᠠᠲᠠᠬᠤ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠪᠥᠬᠦ ᠲᠤᠭᠤᠷᠢᠭ ᠤᠨ ᠠᠵᠤ ᠠᠬᠤᠶ ᠶᠢᠨ ᠬᠥᠭᠵᠢᠯᠲᠡ ᠶᠢᠨ ᠠᠮᠢᠨ ᠰᠤᠳᠠᠰᠤ ᠮᠥᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠶᠢᠨ ᠴᠢᠬᠤᠯᠠ ᠭᠠᠷᠳᠠᠴᠠ ᠮᠥᠨ᠃ ᠪᠥᠬᠦ ᠲᠤᠭᠤᠷᠢᠭ ᠢᠶᠠᠷ ᠢᠶᠠᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠠᠵᠢᠯᠯᠠᠭ᠎ᠠ ᠪᠠᠨ ᠵᠣᠬᠢᠴᠠᠭᠤᠯᠵᠤ᠂ ᠨᠡᠭᠡᠭᠡᠨ ᠤᠷᠤᠭᠰᠢᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠷᠠᠯᠵᠢᠶᠠᠴᠢᠨ ᠤᠷᠢᠵᠤ ᠪᠠᠯᠠ ᠲᠠᠲᠠᠬᠤ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠤᠨ᠂ ᠪᠥᠬᠦ ᠬᠦᠴᠦᠨ ᠢᠶᠠᠷ ᠢᠶᠠᠨ ᠠᠬᠢᠭᠤᠯᠤᠨ ᠨᠠᠶᠢᠳᠠᠪᠤᠷᠢᠵᠢᠭᠤᠯᠵᠤ᠂ ᠪᠥᠬᠦ ᠲᠤᠭᠤᠷᠢᠭ ᠤᠨ ᠶᠡᠭᠡ ᠲᠠᠯ᠎ᠠ ᠳᠤ ᠬᠤᠪᠢ ᠨᠡᠮᠡᠷᠢ ᠦᠵᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ᠂ ᠰᠢᠨ᠎ᠡ ᠦᠷ᠎ᠡ ᠪᠦᠲᠦᠮᠵᠢ ᠪᠠᠷ ᠢᠶᠠᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠪᠡᠶᠡᠯᠡᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠡᠷᠡᠭᠲᠡᠶ᠃        ᠼᠤᠤ ᡁᠢ ᠶᠦᠩ ᠴᠢᠬᠤᠯᠠᠴᠢᠯᠠᠭᠰᠠᠨ ᠨᠢ        ᠭᠤᠣᠯᠳᠠᠯᠭ᠎ᠠ ᠶᠢ ᠤᠯᠠᠮ ᠨᠢᠭᠡ ᠠᠯᠬᠤᠮ ᠲᠤᠪᠤᠶᠢᠯᠭᠠᠵᠤ᠂ ᠠᠷᠠᠯᠵᠢᠶᠠᠴᠢᠨ ᠤᠷᠢᠵᠤ ᠪᠡᠯᠡ  ᠲᠠᠲᠠᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠠᠨᠳᠤᠯᠭᠠᠲᠤ ᠴᠢᠨᠠᠷ᠂ ᠨᠠᠷᠢᠯᠢᠭ ᠣᠨᠣᠪᠴᠢᠲᠤ ᠴᠢᠨᠠᠷ ᠢ ᠦᠨᠡᠨᠬᠦ ᠴᠢᠩᠭᠠᠳᠬᠠᠬᠤ ᠬᠡᠷᠡᠭᠲᠡᠢ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠨᠢᠭᠡ ᠪᠦᠯᠦᠭ ᠠᠵᠤ ᠦᠢᠯᠡᠰ ᠤᠨ ᠲᠣᠬᠢᠷᠠᠯᠴᠠᠬᠤ ᠬᠡᠮᠵᠢᠶ᠎ᠡ ᠪᠠᠷ ᠥᠨᠳᠥᠷ᠂ ᠬᠥᠭᠵᠢᠯᠲᠡ ᠶᠢ ᠨᠥᠯᠥᠭᠡᠯᠡᠬᠦ ᠴᠢᠨᠠᠷ ᠢᠶᠠᠷ ᠴᠢᠩᠭ᠎ᠠ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ ᠪᠠᠶᠢᠭᠤᠯᠤᠨ ᠪᠦᠲᠦᠭᠡᠵᠦ᠂ ᠮᠠᠨ ᠤ ᠲᠤᠭᠤᠷᠢᠭ ᠤᠨ ᠠᠵᠤ ᠠᠬᠤᠶ ᠶᠢᠨ ᠲᠦᠷᠭᠡᠨ ᠬᠥᠭᠵᠢᠯᠲᠡ ᠶᠢ ᠠᠬᠢᠭᠤᠯᠤᠨ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠴᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠬᠤ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠡᠷᠲᠡᠬᠡᠨ ᠬᠥᠭᠵᠢᠯᠲᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃         ᠼᠤᠤ ᡁᠢ ᠶᠦᠩ ᠱᠠᠭᠠᠷᠳᠠᠭᠰᠠᠨ ᠨᠢ         ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠤᠨ ᠰᠢᠨ᠎ᠡ ᠪᠠᠶᠢᠳᠠᠯ ᠢ ᠡᠭᠦᠳᠬᠦ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ ᠠᠷᠠᠯᠵᠢᠶᠠᠴᠢᠨ ᠤᠷᠢᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠠᠵᠢᠯᠲᠠᠨ ᠤ ᠠᠷᠠᠯᠵᠢᠶᠠᠴᠢᠨ ᠤᠷᠢᠬᠤ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠷᠠᠯᠵᠢᠶᠠᠴᠢᠨ ᠤᠷᠢᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨᠬᠦ ᠤᠯᠬᠤ ᠬᠡᠷᠡᠭᠲᠡᠶ᠃ ᠨᠠᠷᠢᠨ ᠨᠢᠭᠲᠠ ᠰᠤᠳᠤᠯᠤᠨ ᠮᠠᠭᠠᠳᠯᠠᠵᠤ᠂ ᠨᠠᠷᠢᠨ ᠨᠢᠮᠪᠠᠢ ᠲᠥᠯᠥᠪᠵᠢᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠨᠠᠷᠢᠨ ᠬᠢᠨᠠᠮᠠᠭᠠᠢ ᠰᠢᠯᠢᠨ ᠰᠣᠩᠭᠤᠵᠤ ᠨᠥᠭᠡᠴᠡᠯᠡᠨ᠂ ᠠᠷᠭ᠎ᠠ ᠰᠦᠪᠡᠭᠴᠢᠯᠡᠨ ᠵᠣᠯᠭᠠᠭᠤᠯᠵᠤ᠂ ᠬᠠᠨᠳᠤᠯᠭᠠᠲᠤ ᠴᠢᠨᠠᠷᠲᠠᠢ ᠪᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠬᠦ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ  ᠨᠦᠭᠦᠴᠡᠯ ᠢ ᠴᠢᠨᠠᠭᠰᠢᠳᠠ ᠰᠢᠯᠢᠳᠡᠭᠵᠢᠭᠦᠯᠵᠦ ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠦᠬᠦ ᠶᠠᠪᠤᠴᠠ᠂ ᠡᠯ᠎ᠡ ᠭᠤᠭᠴᠤᠭ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠣᠨᠣᠪᠴᠢᠲᠠᠢ ᠡᠷᠢᠨ ᠲᠣᠳᠣᠷᠬᠠᠶᠢᠯᠠᠵᠤ᠂ ᠠᠳᠠᠯᠢ ᠪᠤᠰᠤ ᠠᠷᠭ᠎ᠠ ᠬᠡᠮᠵᠢᠶ᠎ᠡ ᠠᠪᠴᠤ ᠪᠠᠶᠢᠭᠠᠳ ᠪᠦᠬᠦ ᠲᠠᠯ᠎ᠠ ᠪᠠᠷ ᠬᠢᠨᠠᠨ ᠵᠢᠯᠣᠭᠤᠳᠴᠤ᠂ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠨᠡᠮᠡᠭᠳᠡᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠨᠡᠩ ᠶᠡᠭᠡ ᠦᠷ᠎ᠡ ᠪᠦᠲᠦᠮᠵᠢ ᠤᠯᠬᠤ ᠶᠢ ᠴᠢᠷᠮᠠᠶᠢᠨ ᠠᠬᠢᠭᠤᠯᠬᠤ ᠬᠡᠷᠡᠭᠲᠡᠢ᠃
 
ᠢᠷᠡᠯᠲᠡ᠄ ᠶᠤᠸᠠᠨ ᠪᠤᠤ ᠱᠠᠨ ᠲᠤᠭᠤᠷᠢᠭ ‍ᠤᠨ‌ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1