ᠶᠤᠸᠠᠨ ᠪᠦᠦ ᠱᠠᠨ ᠲᠣᠭᠤᠷᠢᠭ ᠤᠨ ᠲᠤᠰᠬᠠᠶ ᠲᠤᠰᠢᠶᠠᠯᠲᠤ ᠭᠠᠯ ᠤᠨᠲᠠᠷᠠᠭᠠᠭᠴᠢ ᠶᠢᠨ ᠶᠡᠷᠦᠩᠬᠡᠶ ᠬᠢᠷᠢ ᠪᠦᠲᠦᠮᠵᠢ ᠶᠢ ᠪᠣᠳᠣᠬᠤ ᠲᠤᠬᠠᠶ ᠨᠥᠬᠦᠪᠥᠷᠢ ᠠᠯᠪᠠᠨ ᠵᠠᠷ
ᠨᠡᠶᠢᠲᠡᠯᠡᠭᠰᠡᠨ ᠴᠠᠭ᠄
2021/4/30
    ︽︿2021 ᠣᠨ ᠤ ᠪᠥᠬᠦ ᠲᠤᠭᠤᠷᠢᠭ ᠤᠨ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ﹀᠎ ᠢ ᠤᠯᠠᠮᠵᠢᠯᠠᠨ ᠲᠠᠷᠬᠠᠭᠠᠬᠤ ᠮᠡᠳᠡᠭᠳᠡᠯ︾᠎ ᠤᠨ ᠵᠣᠷᠢᠭ ᠰᠠᠨᠠᠭ᠎ᠠ ︵ᠤᠯᠠᠭᠠᠨᠬᠠᠳᠠ ᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠶᠢᠨ ᠠᠯᠪᠠᠨ ᠭᠡᠷ ᠤᠨ ᠲᠠᠷᠬᠠᠭᠠᠭᠰᠠᠨ【 2021】 44 ᠳ᠋ᠦ᠋ᠭᠡᠷ ᠲᠣᠭᠠᠲᠤ︶᠎ ᠶᠢ ᠦᠨᠳᠦᠰᠦᠯᠡᠨ᠂ ᠮᠣᠩᠭᠤᠯ ᠦᠨᠳᠦᠰᠦᠲᠡᠨ᠂ ᠳᠠᠭᠤᠷ ᠦᠨᠳᠦᠰᠦᠲᠡᠨ᠂ ᠣᠷᠴᠣᠨ ᠦᠨᠳᠦᠰᠦᠲᠡᠨ᠂ ᠡᠸᠡᠩᠬᠢ ᠦᠨᠳᠦᠰᠦᠲᠡᠨ ᠤ ᠤᠷᠢᠭᠳᠠᠭᠰᠠᠳ ᠲᠤ᠂ ᠨᠡᠮᠡᠵᠦ ᠪᠤᠳᠤᠭᠰᠠᠨ ᠤ ᠳᠠᠷᠠᠭᠠᠬᠢ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠲᠠᠯ᠎ᠠ ᠪᠠᠷ 2.5 ᠬᠤᠪᠢ ᠨᠡᠮᠡᠨ᠎ᠡ᠃    ︽ᠶᠤᠸᠠᠨ ᠪᠦᠦ ᠱᠠᠨ ᠲᠣᠭᠤᠷᠢᠭ ᠤᠨ ᠲᠤᠰᠬᠠᠢ ᠲᠤᠰᠢᠶᠠᠯᠲᠤ ᠭᠠᠯ ᠤᠨᠲᠠᠷᠠᠭᠠᠭᠴᠢ ᠶᠢ ᠢᠯᠡ ᠪᠠᠷ ᠡᠯᠰᠡᠬᠦ ᠠᠯᠪᠠᠨ ᠵᠠᠷ︾᠎ ᠤᠨ ᠱᠠᠭᠠᠷᠳᠠᠯᠭ᠎ᠠ ᠶᠣᠰᠣᠭᠠᠷ᠂ ᠣᠲᠣ ᠶᠡᠷᠦᠩᠬᠡᠶ ᠬᠢᠷᠢ ᠪᠦᠲᠦᠮᠵᠢ ᠶᠢ ᠪᠤᠳᠤᠬᠤ ᠠᠷᠭ᠎ᠠ ᠶᠢ ᠨᠥᠬᠦᠪᠥᠷᠢᠯᠡᠶ᠎ᠡ᠂ ᠶᠡᠷᠦᠩᠬᠡᠶ ᠬᠢᠷᠢ ᠪᠦᠲᠦᠮᠵᠢ = ᠪᠡᠶ᠎ᠡ ᠶᠢᠨ ᠴᠢᠳᠠᠪᠤᠷᠢ ᠶᠢᠨ ᠬᠢᠷᠢ ᠪᠦᠲᠦᠮᠵᠢ ︵ᠪᠡᠶ᠎ᠡ ᠶᠢᠨ ᠴᠢᠳᠠᠪᠤᠷᠢ ᠶᠢᠨ ᠰᠢᠯᠭᠠᠯᠲᠠ ᠶᠢᠨ ᠪᠣᠳᠠᠲᠠᠶ ᠣᠯᠤᠭᠰᠠᠨ ᠬᠤᠪᠢ × 100/60︶ × 60% + 2.5 ᠬᠤᠪᠢ + ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ × 40% ᠪᠣᠯᠤᠨ᠎ᠠ᠃      ᠣᠨᠴᠠᠭᠠᠶᠢᠯᠠᠨ ᠵᠠᠷᠯᠠᠪᠠ        ᠶᠤᠸᠠᠨ ᠪᠦᠦ ᠱᠠᠨ ᠲᠣᠭᠤᠷᠢᠭ ᠤᠨ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ ᠭᠡᠰᠢᠭᠦᠨ ᠢ ᠢᠯᠡ ᠪᠠᠷ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ                      2021 ᠣᠨ ᠤ 4 ᠰᠠᠷ᠎ᠠ ᠶᠢᠨ 27᠎ ᠤ ᠡᠳᠦᠷ
 
ᠢᠷᠡᠯᠲᠡ᠄ ᠶᠤᠸᠠᠨ ᠪᠤᠤ ᠱᠠᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1