ᠶᠤᠸᠠᠨ ᠪᠦᠦ ᠱᠠᠨ ᠲᠣᠭᠤᠷᠢᠭ 2021 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/8
     3 ᠰᠠᠷ᠎ᠠ ᠶᠢᠨ 23᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠬᠢᠨ 2021 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠶᠠᠨ ᠴᠧᠨ ᠬᠤᠷᠠᠯ ᠳᠤ ᠣᠷᠣᠯᠴᠠᠵᠤ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠠᠵᠢᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠫᠢᠩᠵᠤᠸᠠᠩ ᠪᠠᠯᠭᠠᠰᠤ ᠶᠢᠨ ᠱᠠᠨ ᠴᠢᠶᠠᠨ ᠡᠷᠡᠭᠦᠯ ᠬᠠᠮᠠᠭᠠᠯᠠᠯ ᠤᠨ ᠬᠤᠷᠢᠶ᠎ᠠ᠂ ᠫᠢᠩᠵᠤᠸᠠᠩ ᠰᠢ ᠴᠧᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠫᠢᠩᠵᠤᠸᠠᠩ ᠪᠠᠯᠭᠠᠰᠤ ᠶᠢᠨ ᠮᠠ ᠲᠢ ᠶᠢᠩᠽᠢ ᠲᠣᠰᠬᠤᠨ ᠤ ᠬᠤᠶᠠᠳᠤᠭᠠᠷ ᠡᠷᠡᠭᠦᠯ ᠬᠠᠮᠠᠭᠠᠯᠠᠯ ᠤᠨ ᠲᠠᠰᠤᠭ᠂ ᠬᠤᠪᠸᠢ ᠶᠢ ᠲᠤᠰᠠᠯᠠᠬᠤ ᠡᠮᠨᠡᠯᠭᠡ ᠶᠢᠨ ᠠᠩᠬᠢ᠂ ᠲᠣᠭᠤᠷᠢᠭ ᠤᠨ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠬᠠᠷᠢᠭᠤᠴᠠᠯᠭᠠᠲᠠᠳ ᠲᠤᠰ ᠲᠤᠰ ᠲᠤᠷᠰᠢᠯᠭ᠎ᠠ ᠪᠠᠨ ᠰᠣᠯᠢᠯᠴᠠᠵᠠᠢ︔ 2020 ᠣᠨ ᠤ ᠲᠠᠪᠤᠨ ᠣᠳᠣᠨ ᠲᠠᠰ ᠤᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠫᠠᠶᠢᠰᠠ ᠣᠯᠭᠤᠪᠠ︔ ᠪᠥᠬᠦ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ︽ᠠᠷᠪᠠᠨ  ᠭᠤᠷᠪᠠᠳᠤᠭᠠᠷ ᠲᠠᠪᠤᠨ ᠵᠢᠯ︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠪᠠ 2020 ᠣᠨ ᠤ ᠠᠵᠢᠯ ᠤᠨ ᠪᠠᠶᠢᠳᠠᠯ ᠢ ᠳ᠋ᠦᠩᠨᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠶᠢᠨ ᠰᠡᠳᠬᠢᠮᠵᠢ ᠶᠢ ᠰᠤᠳᠤᠯᠵᠤ᠂ 2021 ᠣᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃     ᠶᠢᠨ ᠶᠠᠨ ᠴᠧᠨ ᠶᠤᠸᠠᠨ ᠪᠦᠦ ᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ  ᠦᠢᠯᠡᠰ ᠤᠨ ᠬᠥᠭᠵᠢᠯᠲᠡ ᠶᠢᠨ ᠢᠯᠡᠳᠲᠡ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ 2021 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠤᠬᠠᠶ ᠭᠤᠷᠪᠠᠨ ᠰᠠᠨᠠᠯ ᠳᠤᠷᠠᠳᠪᠠ᠃ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠭᠤᠣᠯ ᠡᠭᠦᠷᠭᠡ ᠪᠣᠯᠤᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ ᠬᠡᠷᠡᠭᠲᠡᠢ᠃ ᠬᠤᠶᠠᠷ ᠲᠤ ᠂ 2021 ᠣᠨ ᠤ ᠭᠤᠤᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠯᠠᠪᠳᠠᠭᠤᠨ ᠪᠠᠲᠤᠲᠠᠶ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠶᠢ ᠪᠠᠲᠤᠯᠠᠨ᠎ᠠ᠃ ᠭᠤᠷᠪᠠ ᠳᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠶᠡᠷᠦᠩᠬᠡᠶᠢᠯᠡᠭᠰᠡᠨ ᠡᠮᠴᠢᠯᠡᠭᠡᠨ ᠤ ᠦᠢᠯᠡᠴᠢᠯᠡᠭᠡᠨ ᠤ ᠪᠣᠳᠠᠲᠤ ᠬᠦᠴᠦᠨ ᠢ ᠪᠥᠬᠦ ᠲᠠᠯ᠎ᠠ ᠪᠠᠷ ᠴᠢᠩᠭᠠᠷᠠᠭᠤᠯᠤᠨ᠎ᠠ᠃     ᠶᠢᠨ ᠶᠠᠨ ᠴᠧᠨ᠂ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠤᠭ ᠰᠠᠨᠠᠭ᠎ᠠ ᠪᠠᠨ ᠡᠭᠦᠷᠢᠳᠡ ᠬᠠᠳᠠᠭᠠᠯᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠨ᠎ᠡ ᠴᠠᠭ ᠦᠶ᠎ᠡ ᠳᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ᠂ ᠶᠤᠸᠠᠨ ᠪᠦᠦ ᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠶᠤᠸᠠᠨ ᠪᠤᠤ ᠱᠠᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1