ᠶᠤᠸᠠᠨ ᠪᠦᠦ ᠱᠠᠨ ᠲᠣᠭᠤᠷᠢᠭ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠲᠠᠶᠢᠯᠤᠮᠵᠢ ᠬᠢᠵᠡᠢ
ᠨᠡᠶᠢᠲᠡᠯᠡᠭᠰᠡᠨ ᠴᠠᠭ᠄
2021/4/9
    3 ᠰᠠᠷ᠎ᠠ ᠶᠢᠨ 31᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠬᠢᠨ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠲᠤᠰᠬᠠᠶ ᠰᠡᠳᠦᠪᠲᠦ ᠲᠠᠶᠢᠯᠤᠮᠵᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠳᠡᠳ᠋ ᠫᠷᠤᠹᠤᠰᠰᠤᠷ ᠯᠢ ᠶᠠᠨ ᠴᠢᠦ ᠶᠢ ᠤᠷᠢᠵᠤ ᠡᠷᠳᠡᠮ ᠰᠢᠨᠵᠢᠯᠡᠭᠡᠨ ᠤ ᠶᠠᠷᠢᠶ᠎ᠠ ᠲᠠᠯᠪᠢᠭᠤᠯᠬᠤ ᠪᠠᠷ ᠳᠠᠮᠵᠢᠭᠤᠯᠤᠨ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢ ᠳᠠᠶᠢᠴᠢᠯᠠᠨ ᠳᠠᠭᠠᠭᠤᠯᠵᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠶᠢ ᠦᠨᠡᠨ ᠬᠦ ᠴᠢᠩᠭᠠᠷᠠᠭᠤᠯᠤᠨ᠂ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠠᠵᠢᠯᠯᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃    ᠲᠠᠶᠢᠯᠤᠮᠵᠢ ᠳᠤ᠂ ᠯᠢ ᠶᠠᠨ ᠴᠢᠦ ᠨᠠᠷᠢᠨ ᠨᠢᠭᠲᠠ ᠯᠣᠭᠢᠭ᠂ ᠲᠣᠳᠣᠷᠬᠠᠢ ᠰᠡᠳᠬᠢᠴᠡ᠂ ᠴᠣᠮᠬᠠᠨ ᠠᠪᠰᠠᠷᠬᠠᠨ ᠦᠭᠡ ᠬᠡᠯᠡ ᠪᠠᠷ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠴᠢᠬᠤᠯᠠ ᠪᠠᠶᠢᠷᠢ ᠰᠠᠭᠤᠷᠢ ᠪᠣᠯᠤᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠭᠤᠣᠯ ᠠᠭᠤᠯᠭ᠎ᠠ ᠶᠢ ᠨᠠᠷᠢᠨ ᠲᠣᠳᠣᠷᠬᠠᠢ ᠥᠭᠦᠯᠡᠭᠰᠡᠨ ᠪᠠᠶᠢᠨ᠎ᠠ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠲᠠᠨᠢᠯᠲᠠ ᠂ ᠨᠠᠮᠴᠢ ᠴᠢᠨᠠᠷ ᠢᠶᠠᠨ ᠴᠢᠩᠭᠠᠳᠬᠠᠬᠤ  ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ  ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠬᠤ ᠳᠤ ᠲᠦᠢᠯ ᠤᠨ ᠴᠢᠩᠭ᠎ᠠ ᠵᠢᠯᠣᠭᠤᠳᠬᠤ ᠪᠠ ᠠᠬᠢᠭᠤᠯᠬᠤ ᠦᠢᠯᠡᠳᠦᠯ ᠲᠠᠢ ᠶᠤᠮ᠃   ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠪᠢᠩ ᠲᠠᠶᠢᠯᠤᠮᠵᠢ ᠶᠢ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠲᠡᠷᠡ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠠᠭᠤᠯᠤᠭᠳᠠᠬᠤᠨ ᠡᠯᠪᠡᠭ ᠪᠠᠶᠠᠯᠢᠭ᠂ ᠯᠣᠭᠢᠭ ᠨᠢᠭᠲᠠ ᠴᠢᠩᠭ᠎ᠠ᠂ ᠰᠢᠰᠲ᠋ᠧᠮ ᠪᠦᠷᠢᠨ ᠲᠡᠭᠦᠯᠳᠡᠷ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠮᠥᠨ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠨᠳᠦᠰᠦᠨ ᠵᠣᠷᠢᠭ ᠰᠠᠨᠠᠭ᠎ᠠ ᠶᠢ ᠨᠡᠪᠲᠡᠷᠬᠡᠢ ᠣᠶᠢᠯᠠᠭᠠᠵᠤ᠂ ᠠᠵᠢᠯ ᠤᠨ ᠱᠠᠭᠠᠷᠳᠠᠯᠭ᠎ᠠ ᠶᠢ ᠲᠣᠳᠣᠷᠬᠠᠢ ᠪᠣᠯᠭᠠᠵᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠤᠯᠤᠰ ᠲᠦᠷᠦ ᠶᠢᠨ ᠴᠢᠭᠯᠡᠯ᠂ ᠴᠢᠬᠤᠯᠠ ᠪᠠᠶᠢᠷᠢ ᠰᠠᠭᠤᠷᠢ᠂ ᠠᠵᠢᠯ ᠤᠨ ᠪᠠᠶᠢᠷᠢᠯᠠᠭᠤᠯᠤᠯᠲᠠ᠂ ᠭᠤᠣᠯᠳᠠᠯᠭ᠎ᠠ ᠲᠠᠢ ᠡᠭᠦᠷᠭᠡ᠂ ᠴᠢᠬᠤᠯᠠ ᠶᠡᠭᠡ ᠬᠠᠷᠢᠴᠠᠭ᠎ᠠ ᠪᠠ ᠴᠢᠬᠤᠯᠠ ᠪᠠᠲᠤᠯᠠᠭ᠎ᠠ ᠶᠢ ᠪᠠᠲᠤ ᠡᠵᠡᠮᠳᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢᠶᠠᠷ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃   ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠭᠠᠢ ᠰᠢᠩ ᠳ᠋ᠦᠩ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢᠨ ᠨᠡᠷ᠎ᠡ ᠳᠤᠷᠠᠳᠤᠭᠰᠠᠨ ᠵᠢᠱᠢᠭᠳᠡᠭᠴᠢ ᠹᠠᠨ ᠰᠢᠶᠤᠤ ᠴᠢᠦ ᠰᠤᠷᠤᠯᠴᠠᠯᠭ᠎ᠠ ᠳᠤ ᠣᠷᠣᠯᠴᠠᠵᠤ᠂ ᠡᠯ᠎ᠡ ᠪᠠᠯᠭᠠᠰᠤ ᠰᠢᠶᠠᠩ ︵ᠵᠡᠭᠡᠯᠢ︶᠎ ᠤᠨ ᠨᠠᠮ ︵ᠠᠵᠢᠯᠴᠢᠨ︶᠎ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ᠂ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠬᠡᠰᠡᠭ ᠺᠠᠳ᠋ᠷ ᠴᠠᠭᠳᠠᠭ᠎ᠠ ᠲᠠᠶᠢᠯᠤᠮᠵᠢ ᠶᠢ ᠰᠣᠨᠣᠰᠴᠠᠢ᠃
 
ᠢᠷᠡᠯᠲᠡ᠄ ᠶᠤᠸᠠᠨ ᠪᠤᠤ ᠱᠠᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1