ᠼᠤᠤ ᡁᠢ ᠶᠦᠩ ᠨᠠᠢᠮᠠᠳᠤᠭᠠᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ 154 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/24
   5 ᠰᠠᠷ᠎ᠠ ᠶᠢᠨ 19᠎ ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠤᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠼᠤᠤ ᡁᠢ ᠶᠦᠩ ᠨᠠᠢᠮᠠᠳᠤᠭᠠᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶ᠎ᠠ ᠶᠢᠨ 154 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠭᠡᠰᠢᠭᠦᠨ ᠵᠥᠩ ᠴᠢᠩ ᠰᠥᠩ᠂ ᠯᠢ ᠺᠠᠶ᠂ ᠶᠢᠨ ᠶᠠᠨ ᠴᠧᠨ᠂ ᠰᠢᠤᠢ ᠵᠢᠶᠠᠨ ᠬᠤᠶ᠂ ᠯᠢᠦᠶ ᠶᠠᠨ ᠬᠠᠨ᠂ ᠵᠧᠤ ᠵᠠᠨ ᠯᠢ᠂ ᠴᠥ᠋ ᠬᠠᠶ ᠪᠥᠸᠧ᠂ ᠯᠢ ᠰᠢᠨ ᠢᠦᠶ᠂ ᠵᠤ᠋ ᠰᠢᠶᠤᠤ ᠬᠤᠶ ᠬᠤᠷᠠᠯ ᠳᠤ ᠣᠷᠣᠯᠴᠠᠪᠠ᠃ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠭᠦᠳ ᠬᠤᠷᠠᠯ ᠳᠤ ᠰᠤᠯᠠ ᠣᠷᠣᠯᠴᠠᠪᠠ᠃
   ᠬᠤᠷᠠᠯ ᠠᠴᠠ ᠲᠠᠨᠢᠯᠴᠠᠭᠤᠯᠬᠤ ᠪᠠᠷ ᠪᠠᠶᠢᠭ᠎ᠠ ᠬᠤᠳᠠ ᠶᠢᠨ ᠲᠡᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠂ ᠰᠢᠯᠢᠳᠡᠭ ᠨᠠᠮ ᠤᠨ ᠠᠵᠢᠯᠳᠠᠨ᠂ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠲᠤᠭᠤᠷᠢᠭ ᠤᠨ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠡᠷᠡᠭᠵᠢᠭᠦᠯᠬᠦ ᠲᠥᠰᠦᠯ ︵ᠬᠦᠷᠭᠡᠨ ᠬᠢᠨᠠᠭᠤᠯᠬᠤ ᠨᠣᠤᠷᠠᠭ︶︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠶᠢᠰᠦᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠲᠤᠬᠠᠶ ᠰᠢᠢᠳᠪᠦᠷᠢ ︵ᠲᠥᠰᠦᠯ ︶ ︵ᠬᠦᠷᠭᠡᠨ ᠬᠢᠨᠠᠭᠤᠯᠬᠤ ᠨᠣᠤᠷᠠᠭ︶︾᠎ ᠶᠢ ᠬᠢᠨᠠᠨ ᠵᠥᠪᠯᠡᠵᠦ ᠪᠠᠲᠤᠯᠠᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠠᠵᠢᠯ ᠤᠨ ᠭᠤᠤᠯᠳᠠᠯᠭ᠎ᠠ ︵ᠬᠦᠷᠭᠡᠨ ᠬᠢᠨᠠᠭᠤᠯᠬᠤ ᠨᠣᠤᠷᠠᠭ︶︾ ᠵᠡᠷᠭᠡ ᠬᠠᠮᠢᠶ᠎ᠠ ᠪᠥᠬᠦᠶ ᠮᠠᠲ᠋ᠧᠷᠢᠶᠠᠯ᠃     ᠬᠤᠷᠠᠯ ᠠᠴᠠ ᠵᠢᠭᠠᠵᠤ ᠭᠠᠷᠭᠠᠭᠰᠠᠨ ᠨᠢ    ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠲᠤᠰ ᠤᠳᠠᠭ᠎ᠠ ᠶᠢᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠥᠷᠨᠢᠭᠦᠯᠬᠦ ᠨᠢ ᠨᠠᠮ ᠤᠨ ᠰᠢᠯᠢᠳᠡᠭ ᠤᠯᠠᠮᠵᠢᠯᠠᠯ ᠪᠣᠯᠤᠨ ᠰᠤᠷᠲᠠᠯ ᠢ ᠨᠡᠩ ᠰᠠᠶᠢᠲᠤᠷ ᠪᠠᠳᠠᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠪᠦᠬᠦ  ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠡᠪ ᠬᠠᠮᠲᠤ ᠨᠠᠮ ᠤᠨ ᠭᠡᠰᠢᠭᠦᠨ ᠤ ᠳᠠᠶᠢᠴᠢᠨ ᠪᠠᠬᠢᠯᠡᠯᠲᠡ ᠪᠣᠯᠤᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠡᠯ᠎ᠡ ᠵᠦᠢᠯ ᠤᠨ ᠲᠠᠰ ᠳᠠᠷᠠᠭᠠᠯᠠᠯ ᠢ ᠴᠢᠩᠭ᠎ᠠ ᠭᠦᠢᠴᠡᠳᠭᠡᠵᠤ᠂ ᠪᠠᠲᠤᠯᠠᠨ ᠲᠠᠨᠢᠯᠴᠠᠭᠤᠯᠤᠭᠰᠠᠨ ᠬᠥᠮᠦᠰ ᠤᠨ ᠤᠯᠤᠰ ᠲᠥᠷᠥ ᠶᠢᠨ ᠬᠡᠪ ᠴᠢᠨᠠᠷ ᠥᠨᠳᠥᠷ᠂ ᠦᠵᠡᠯ ᠰᠠᠨᠠᠭ᠎ᠠ ᠣᠪᠣᠷ ᠰᠤᠷᠲᠠᠯ ᠰᠠᠶᠢᠨ᠂ ᠠᠵᠢᠯ ᠤᠨ ᠪᠣᠳᠠᠲᠤ ᠪᠦᠲᠦᠮᠵᠢ ᠲᠣᠪᠤᠶᠢᠮ᠎ᠠ ᠪᠠᠶᠢᠬᠤ ᠶᠢ ᠦᠨᠡᠨᠬᠦ ᠪᠠᠲᠤᠯᠠᠵᠤ᠂ ᠪᠠᠲᠤᠯᠠᠨ ᠲᠠᠨᠢᠯᠴᠠᠭᠤᠯᠤᠭᠰᠠᠨ ᠨᠠᠮ ᠤᠨ ᠵᠣᠬᠢᠶᠠᠨ ᠪᠠᠶᠢᠭᠤᠯᠤᠯᠲᠠ ᠨᠢ ᠣᠯᠠᠨ ᠲᠦᠮᠡᠨ ᠳᠤ ᠮᠡᠳᠡᠷᠡᠭᠳᠡᠬᠦ ᠬᠡᠷᠡᠭᠲᠡᠶ᠃ ᠲᠤᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠢᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠪᠠᠷ ᠠᠵᠠ ᠲᠣᠬᠢᠶᠠᠯ ᠪᠣᠯᠭᠠᠵᠤ᠂ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠵᠢᠱᠢᠶᠡᠴᠢ ᠦᠢᠯᠡ ᠠᠵᠢᠯᠯᠠᠭ᠎ᠠ ᠪᠣᠯᠤᠨ ᠡᠷᠬᠢᠮ ᠳᠡᠭᠡᠳᠦ ᠵᠣᠷᠢᠭ ᠰᠠᠨᠠᠭ᠎ᠠ ᠶᠢ ᠶᠡᠬᠡᠪᠡᠷ ᠤᠬᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠲᠡᠷᠢᠭᠦᠨ ᠤ ᠬᠢ ᠠᠴᠠ ᠰᠤᠷᠤᠯᠴᠠᠵᠤ ᠦᠢᠯᠡ ᠠᠵᠢᠯᠯᠠᠭ᠎ᠠ ᠲᠠᠢ ᠪᠣᠯᠭᠠᠬᠤ ᠬᠡᠷᠡᠭᠲᠡᠢ᠃ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠰᠢᠯᠢᠳᠡᠭ ᠤᠶᠤᠨ ᠰᠠᠨᠠᠭᠠᠨ ᠤ ᠬᠡᠪ ᠴᠢᠨᠠᠷ ᠢ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠳᠠᠭᠤᠰᠤᠰᠢ ᠦᠭᠡᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠪᠠᠷ ᠢᠶᠠᠨ ᠡᠯ᠎ᠡ ᠵᠦᠢᠯ ᠤᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ ᠴᠢᠬᠤᠯᠠᠴᠢᠯᠠᠭᠰᠠᠨ ᠨᠢ       ᠲᠤᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ ᠂ ᠪᠦᠬᠦ ᠲᠤᠭᠤᠷᠢᠭ ᠤᠨ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠪᠣᠯᠤᠨ᠎ᠠ᠃ ᠡᠯ᠎ᠡ ᠠᠵᠢᠯ ᠤᠨ ᠳᠤᠭᠤᠶᠢᠯᠠᠩ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠴᠢᠩᠭ᠎ᠠ ᠵᠢᠷᠤᠮᠯᠠᠨ᠂ ᠠᠵᠢᠯ ᠤᠨ ᠴᠤᠪᠤᠷᠠᠯ ᠢᠶᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠴᠠᠭ ᠲᠤᠬᠠᠶ ᠳᠤᠨᠢ ᠴᠢᠨᠠᠷ ᠢ ᠪᠠᠲᠤᠯᠠᠨ᠂ ᠨᠢᠭᠲᠠ ᠠᠴᠠ ᠨᠢᠭᠲᠠ ᠪᠠᠶᠢᠵᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠤᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠭᠡᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ᠂ ᠠᠵᠢᠯ ᠤᠨ ᠠᠬᠢᠴᠠ ᠶᠢᠨ ᠡᠮᠬᠢ ᠵᠢᠷᠤᠮ ᠲᠠᠢ ᠪᠥᠭᠡᠳ ᠬᠦᠴᠦᠨ ᠲᠠᠢ᠂ ᠠᠯᠳᠠᠭ᠎ᠠ ᠪᠤᠷᠤᠭᠤ ᠭᠠᠷᠭᠠᠬᠤ ᠦᠭᠡᠢ ᠪᠠᠶᠢᠬᠤ ᠶᠢ ᠴᠠᠭ ᠲᠤᠬᠠᠢ ᠳᠤᠨᠢ ᠡᠵᠡᠮᠰᠢᠵᠦ ᠬᠡᠷᠡᠭᠲᠡᠢ᠃ ᠪᠠᠶᠢᠩᠭᠤ ᠶᠢᠨ ᠭᠡᠰᠢᠭᠦᠳ ᠪᠣᠯᠤᠨ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠣᠳᠠᠲᠠᠢ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠬᠤᠭᠤᠴᠠᠭ᠎ᠠ ᠰᠣᠯᠢᠬᠤ ᠬᠡᠪ ᠰᠤᠷᠲᠠᠯ ᠪᠣᠯᠤᠨ ᠠᠭᠤᠷ ᠠᠮᠢᠰᠬᠤᠯ ᠢ ᠪᠠᠲᠤᠯᠠᠵᠤ᠂ ᠬᠤᠭᠤᠴᠠᠭ᠎ᠠ ᠰᠣᠯᠢᠬᠤ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ  ᠃       ᠬᠤᠷᠠᠯ ᠠᠴᠠ ᠱᠠᠭᠠᠷᠳᠠᠭᠰᠠᠨ ᠨᠢ       ᠲᠤᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠪᠣᠯᠤᠨ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠰᠢ ᠶᠢᠨ ᠫᠢᠩ ᠶᠡᠷᠦᠩᠬᠡᠢ ᠱᠦᠵᠢ ᠶᠢᠨ ᠬᠠᠮᠢᠶ᠎ᠠ ᠪᠦᠬᠦᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠨᠠᠮ ᠤᠨ  ᠬᠤᠷᠢᠶ᠎ᠠ ᠶᠢᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠵᠢᠯ ᠤᠨ ᠪᠣᠳᠠᠲᠠᠢ᠂ ᠡᠭᠦᠷᠭᠡ ᠴᠢᠳᠠᠪᠬᠢ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ︽ᠲᠠᠪᠤ ᠶᠢ ᠰᠠᠶᠢᠲᠤᠷ ᠠᠳᠬᠤᠬᠤ︾᠎ ᠪᠠᠷ ᠭᠤᠣᠯᠳᠠᠭᠤᠯᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ᠂ ᠬᠠᠷᠢᠯᠴᠠᠨ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ ᠠᠵᠢᠯ ᠤᠨ ᠳᠤᠲᠠᠭᠤᠳᠠᠯ ᠢ ᠴᠢᠷᠮᠠᠶᠢᠨ ᠨᠥᠬᠦᠪᠥᠷᠢᠯᠡᠵᠦ᠂ ᠪᠣᠳᠠᠲᠠᠢ ᠠᠵᠢᠯᠯᠠᠭ᠎ᠠ ᠶᠢ ᠭᠦᠨᠵᠡᠭᠡᠢ ᠪᠣᠳᠠᠲᠠᠢ ᠠᠳᠬᠤᠵᠤ᠂ ᠪᠦᠬᠦ ᠲᠤᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠵᠤ᠂ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠱᠠᠭᠠᠡᠳᠠᠪᠠ᠃    
 
ᠢᠷᠡᠯᠲᠡ᠄ ᠶᠤᠸᠠᠨ ᠪᠤᠤ ᠱᠠᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1