ᠴᠧᠩ ᠷᠦᠢ ᠪᠣᠤ
ᠨᠡᠶᠢᠲᠡᠯᠡᠭᠰᠡᠨ ᠴᠠᠭ᠄
2021/5/25
ᠴᠧᠩ ᠷᠦᠢ ᠪᠣᠤ ᠨᠥᠬᠦᠷ ᠤᠨ ᠲᠣᠪᠴᠢ ᠲᠠᠨᠢᠯᠴᠠᠭᠤᠯᠭ᠎ᠠ   ᠴᠧᠩ ᠷᠦᠢ ᠪᠣᠤ  ᠂ ᠡᠷᠡᠭᠲᠡᠢ᠂ ᠬᠢᠲᠠᠳ ᠦᠨᠳᠦᠰᠦᠲᠡᠨ᠂ 1968 ᠣᠨ ᠤ 12 ᠰᠠᠷ᠎ᠠ ᠳᠤ ᠲᠥᠷᠥᠵᠡᠢ᠃ ᠥᠪᠥᠷ  ᠮᠣᠩᠭᠤᠯ ᠤᠨ ᠤᠯᠠᠭᠠᠨᠬᠠᠳᠠ ᠬᠤᠲᠠ ᠶᠢᠨ ᠬᠥᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠶᠤᠸᠠᠨ  ᠪᠣᠤ ᠱᠠᠨ ᠲᠣᠭᠤᠷᠢᠭ ᠤᠨ ᠳᠡᠳ᠋ ᠳᠠᠷᠤᠭ᠎ᠠ᠃    ᠬᠤᠪᠢ ᠬᠥᠮᠥᠨ ᠤ ᠲᠣᠪᠴᠢ ᠨᠠᠮᠲᠠᠷ     1986.09 — — 1990.07 ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠳᠡᠭᠡᠳᠦ  ᠰᠤᠷᠭᠠᠭᠤᠯᠢ ᠶᠢᠨ ᠲᠠᠷᠢᠶᠠᠯᠠᠩ ᠤᠨ ᠤᠬᠠᠭᠠᠨ ᠤ ᠰᠠᠯᠪᠤᠷᠢ ᠶᠢᠨ ᠲᠠᠷᠢᠶᠠᠯᠠᠩ ᠤᠨ ᠤᠬᠠᠭᠠᠨ ᠤ ᠲᠣᠰᠬᠠᠢ ᠮᠡᠷᠭᠡᠵᠢᠯ ᠤᠨ  ᠠᠩᠭᠢ ᠶᠢᠨ ᠰᠤᠷᠤᠭᠴᠢ︔     1990.07 — — 1990.08 ᠲᠡᠭᠦᠰᠦᠭᠰᠡᠨ ᠤ ᠳᠠᠷᠠᠭ᠎ᠠ ᠠᠵᠢᠯ ᠬᠤᠪᠢᠶᠠᠷᠢᠯᠠᠬᠤ ᠶᠢ ᠬᠦᠯᠢᠶᠡᠪᠡ︔     1990.08 — — 1994.03 ᠶᠤᠸᠠᠨ ᠪᠣᠤ ᠱᠠᠨ ᠲᠣᠭᠤᠷᠢᠭ ᠤᠨ ᠠᠵᠢᠯᠲᠠᠨ ᠤ ᠶᠠᠪᠤᠳᠠᠯ ᠤᠨ  ᠲᠣᠪᠴᠢᠶ᠎ᠠ ᠶᠢᠨ ᠭᠡᠰᠢᠭᠦᠴᠢ︔     1994.03 — — 1999.03 ᠶᠤᠸᠠᠨ ᠪᠣᠤ ᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ  ᠪᠠᠶᠢᠭᠤᠯᠬᠤ ᠬᠡᠯᠲᠡᠰ ᠤᠨ ᠭᠡᠰᠢᠭᠦᠴᠢ︔     1999.03 — — 2002.04 ᠶᠤᠸᠠᠨ ᠪᠣᠤ ᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠺᠠᠳ᠋ᠷ ᠤᠨ  ᠠᠵᠢᠯ ᠤᠨ ᠪᠣᠳᠠᠲᠤ ᠪᠦᠲᠦᠮᠵᠢ ᠬᠢᠨᠠᠨ ᠰᠢᠯᠭᠠᠬᠤ ᠠᠯᠪᠠᠨ ᠭᠡᠷ ᠤᠨ ᠳᠡᠳ᠋ ᠡᠷᠬᠢᠯᠡᠭᠴᠢ᠂ ᠵᠢᠩᠬᠢᠨᠢ ᠰᠠᠯᠠᠭᠠᠨ ᠳᠡᠰ ᠤᠨ  ᠵᠣᠬᠢᠶᠠᠨ ᠪᠠᠶᠢᠭᠤᠯᠬᠤ ᠭᠡᠰᠢᠭᠦᠨ︔     2002.04 — — 2004.02  ᠶᠤᠸᠠᠨ ᠪᠣᠤ ᠱᠠᠨ ᠲᠣᠭᠤᠷᠢᠭ ᠤᠨ ᠶᠠᠳᠠᠭᠤ ᠶᠢ ᠲᠡᠳᠬᠦᠬᠦ ᠠᠯᠪᠠᠨ ᠭᠡᠷ ᠤᠨ  ᠡᠷᠬᠢᠯᠡᠭᠴᠢ︔     2004.02 — — 2005.07  ᠶᠤᠸᠠᠨ ᠪᠣᠤ ᠱᠠᠨ ᠪᠠᠯᠭᠠᠰᠤ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂  ᠪᠠᠯᠭᠠᠰᠤ ᠶᠢᠨ ᠳᠠᠷᠤᠭ᠎ᠠ︔      2005.07 — — 2006.01  ᠶᠤᠸᠠᠨ ᠪᠣᠤ ᠱᠠᠨ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ︔     2006.01 — — 2015.11  ᠦᠵᠢᠶᠠ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠪᠰᠡᠭᠲᠦ ᠬᠦᠴᠦᠨ ᠤ ᠬᠡᠯᠲᠡᠰ ᠤᠨ ᠨᠢᠭᠡᠳᠦᠭᠡᠷ ᠬᠡᠯᠲᠡᠰ ᠤᠨ  ᠳᠠᠷᠤᠭ᠎ᠠ︔      2015.11 — — 2016.03  ᠫᠢᠩᠵᠤᠸᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠪᠰᠡᠭᠲᠦ ᠬᠦᠴᠦᠨ ᠤ ᠬᠡᠯᠲᠡᠰ ᠤᠨ ᠨᠢᠭᠡᠳᠦᠭᠡᠷ ᠬᠡᠯᠲᠡᠰ ᠤᠨ  ᠳᠠᠷᠤᠭ᠎ᠠ︔       2016.02 — — ᠣᠳᠣ ᠪᠣᠯᠲᠠᠯ᠎ᠠ᠂  ᠤᠯᠠᠭᠠᠨᠬᠠᠳᠠ ᠬᠤᠲᠠ ᠶᠢᠨ ᠶᠤᠸᠠᠨ ᠪᠣᠤ ᠱᠠᠨ ᠲᠣᠭᠤᠷᠢᠭ ᠤᠨ  ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠃     ᠠᠵᠢᠯ ᠤᠨ ᠬᠤᠪᠢᠶᠠᠷᠢᠯᠠᠯ  ᠄       ᠲᠠᠷᠢᠶᠠᠯᠠᠩ ᠮᠠᠯ ᠠᠵᠤ ᠠᠬᠤᠢ᠂ ᠰᠢᠨᠵᠢᠯᠡᠭᠡ ᠲᠧᠭᠨᠢᠭ᠂ ᠰᠤᠷᠭᠠᠨ ᠬᠥᠮᠥᠵᠢᠯ ᠂ ᠬᠥᠮᠥᠨ ᠤ ᠬᠦᠴᠦᠨ ᠤ ᠡᠬᠢ  ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠷᠢᠭᠤᠴᠠᠬᠤ᠄ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ︵ᠶᠠᠳᠠᠭᠤ ᠶᠢ ᠲᠡᠳᠬᠦᠵᠦ ᠨᠡᠭᠡᠭᠡᠨ  ᠬᠥᠭᠵᠢᠭᠦᠯᠬᠦ ᠠᠯᠪᠠᠨ ᠭᠡᠷ︶᠂ ᠣᠢ ᠰᠢᠭᠤᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠶᠤᠸᠠᠨ ᠪᠣᠤ  ᠱᠠᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠰᠤᠷᠭᠠᠨ ᠬᠥᠮᠥᠵᠢᠯ ᠤᠨ ᠲᠣᠪᠴᠢᠶ᠎ᠠ᠂   ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠃      ᠬᠠᠷᠢᠯᠴᠠᠬᠤ ᠨᠢᠭᠡᠴᠡ᠄  ᠶᠤᠸᠠᠨ ᠪᠣᠤ ᠱᠠᠨ ᠲᠣᠭᠤᠷᠢᠭ ᠤᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ  ᠠᠯᠪᠠᠨ ᠭᠡᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠥᠪᠥᠷ ᠮᠣᠩᠭᠤᠯ ᠤᠨ ᠴᠠᠩ ᠲᠠᠢ ᠤᠰᠤᠨ ᠤ  ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠶᠤᠸᠠᠨ ᠪᠣᠤ ᠱᠠᠨ ᠲᠣᠭᠤᠷᠢᠭ ᠲᠤ ᠰᠠᠭᠤᠭ᠎ᠠ ᠡᠯ᠎ᠡ ᠲᠠᠷᠢᠶᠠᠯᠠᠩ  ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠣᠯᠣᠭᠠᠶᠢᠯᠠᠭᠴᠢ ᠠᠵᠤ ᠠᠬᠤᠶᠢᠯᠠᠯ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1