2021 ᠣᠨ ᠤ ᠶᠤᠸᠠᠨ ᠪᠦᠦ ᠱᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠷᠠᠭ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2021/6/23
    ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠬᠢᠭᠡᠳ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2021 ᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭᠠᠨ ᠤ ᠭᠠᠷᠠᠭ ᠤᠨ ᠠᠵᠢᠯᠯᠠᠭ᠎ᠠ ᠦᠷᠨᠢᠭᠦᠯᠪᠡ᠃    ᠰᠢᠨᠵᠢᠯᠡᠬᠦ ᠤᠬᠠᠭᠠᠨ ᠮᠡᠷᠭᠡᠵᠢᠯ ᠤᠨ ᠭᠠᠷᠠᠭ ᠤᠨ ᠬᠤᠭᠤᠴᠠᠭᠠᠨ ᠳᠤ ︽ᠵᠠᠭᠤᠨ ᠵᠢᠯ ᠤᠨ ᠡᠷᠭᠢᠴᠡᠭᠦᠯᠦᠯ᠄ ᠳᠤᠮᠳᠠᠳᠤ ᠤᠯᠤᠰ ᠤᠨ ᠡᠪ ᠬᠠᠮᠲᠤ ᠨᠠᠮ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠤᠳᠤᠷᠢᠳᠬᠤ︾ ᠭᠤᠣᠯ ᠰᠡᠳᠦᠪ ᠤᠨ ᠲᠣᠭᠤᠷᠢᠨ ᠳᠤ᠂ ᠤᠯᠠᠨ ᠶᠠᠩᠵᠤ ᠶᠢᠨ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠮᠢᠳᠤᠷᠠᠯ ᠳᠤ ᠣᠷᠣᠵᠤ᠂ ᠰᠤᠷᠭᠠᠭᠤᠯᠢ ᠳᠤ ᠬᠦᠷᠴᠦ᠂ ᠨᠡᠶᠢᠭᠡᠮ ᠲᠣᠭᠤᠷᠢᠭ ᠲᠤ ᠬᠦᠷᠴᠦ᠂ ᠤᠯᠠᠨ ᠲᠦᠮᠡᠨ ᠳᠤ ᠠᠰᠢᠭ ᠬᠦᠷᠲᠡᠭᠡᠵᠡᠢ᠃ ᠠᠵᠢᠯᠯᠠᠭ᠎ᠠ ᠪᠠᠷ ᠳᠠᠮᠵᠢᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠤᠳᠤᠯᠭ᠎ᠠ ᠶᠢ ᠤᠬᠠᠭᠤᠯᠵᠤ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨᠵᠢᠯᠡᠬᠦ ᠤᠬᠠᠭᠠᠨ ᠤ ᠦᠵᠡᠯ ᠰᠠᠨᠠᠭ᠎ᠠ ᠶᠢ ᠤᠯᠠᠮᠵᠢᠯᠠᠵᠤ᠂ ᠤᠯᠠᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠦᠨᠡᠨ ᠬᠦ ᠮᠡᠳᠡᠷᠡᠭᠦᠯᠵᠦ᠂ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠭᠦᠯᠬᠦ ᠶᠢᠨ ᠬᠠᠮᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠪᠠᠶᠢᠳᠠᠯ ᠢ ᠡᠭᠦᠳᠴᠦ᠂ ᠰᠢᠨ᠎ᠡ ᠦᠷ᠎ᠡ ᠪᠦᠲᠦᠮᠵᠢ ᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃
 
ᠢᠷᠡᠯᠲᠡ᠄ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1