12 ᠰᠠᠷ᠎ᠠ ᠶᠢᠨ 20 ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠤᠨ | ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠵᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠭᠦᠢᠴᠡᠳᠭᠡᠬᠦ ᠶᠢ ᠤᠯᠠᠮ ᠨᠢᠭᠡ ᠠᠯᠬᠤᠮ ᠠᠬᠢᠭᠤᠯᠪᠠ᠃ | ᠬᠤᠷᠠᠯ ᠳᠡᠭᠡᠷ᠎ᠡ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠡᠯ᠎ᠡ | ᠦᠨᠳᠦᠰᠦᠨ ᠱᠠᠲᠤᠨ ᠤ ᠨᠠᠮ ᠤᠨ ᠡᠭᠦᠷ ᠤᠨ ᠱᠦᠵᠢ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ | ᠪᠠᠶᠢᠳᠠᠯ ᠪᠠ ᠠᠵᠢᠯ ᠤᠨ ᠦᠷ᠎ᠡ ᠪᠦᠲᠦᠮᠵᠢ ᠶᠢᠨ ᠲᠤᠬᠠᠶ ᠲᠤᠰᠢᠶᠠᠯ ᠤᠨ ᠮᠡᠳᠡᠭᠦᠯᠦᠯᠲᠡ ᠪᠠ ᠣᠪᠣᠷ ᠢᠶᠠᠨ ᠢᠯᠡᠳᠬᠡᠬᠦ | ᠶᠠᠷᠢᠶ᠎ᠠ ᠲᠠᠯᠪᠢᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ 2021 ᠣᠨ ᠳᠤ᠂ ᠲᠣᠪᠴᠢᠶᠠᠨ ᠤ ᠨᠠᠮ ᠤᠨ | ᠶᠡᠷᠦᠩᠬᠡᠶ ᠡᠭᠦᠷ ᠤᠨ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠡᠯ᠎ᠡ ᠨᠠᠮ ᠤᠨ ᠡᠭᠦᠷ ᠤᠨ ᠨᠠᠮ ᠤᠨ | ᠪᠠᠶᠢᠭᠤᠯᠤᠯᠲᠠ ᠶᠢᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ | ᠨᠠᠮ ᠤᠨ ᠪᠠᠶᠢᠭᠤᠯᠤᠯᠲᠠ ᠪᠣᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠠᠭᠤᠰᠤᠯᠴᠠᠯ ᠢ | ᠲᠠᠰᠤᠷᠠᠯᠲᠠ ᠦᠭᠡᠢ ᠠᠬᠢᠭᠤᠯᠵᠤ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠶᠢᠨ | ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠥᠷᠨᠢᠬᠦ ᠶᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠠᠢ᠃ | ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ | ᠦᠨᠳᠦᠰᠦᠨ ᠱᠠᠲᠤᠨ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠥᠷᠨᠢᠭᠦᠯᠵᠦ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠢ ᠬᠠᠮᠲᠤᠯᠢᠭ ᠲᠤ ᠣᠷᠣᠯᠠᠨ ᠬᠠᠪᠰᠤᠷᠴᠤ ᠣᠷᠣᠯᠠᠨ | ᠭᠦᠢᠴᠡᠳᠬᠡᠬᠦ ᠦᠢᠯᠡᠴᠢᠯᠡᠭᠡ ᠥᠷᠨᠢᠭᠦᠯᠵᠦ᠂ ᠤᠯᠠᠨ ᠲᠦᠮᠡᠨ ᠳᠤ ᠢᠳᠡᠪᠬᠢᠲᠡᠢ ᠪᠠᠷ ᠪᠣᠳᠠᠲᠠᠢ ᠶᠠᠪᠤᠳᠠᠯ ᠬᠢᠵᠦ᠂ | ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ᠃ ᠲᠤᠭ ᠢᠶᠠᠨ ᠤᠯᠠᠮ ᠨᠢᠭᠡ ᠠᠯᠬᠤᠮ ᠥᠨᠳᠥᠷ | ᠮᠠᠨᠳᠤᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠵᠤ᠂ ᠲᠡᠷᠢᠭᠦᠨ ᠵᠡᠷᠭᠡ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ | ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠠᠷ ᠴᠢᠷᠮᠠᠶᠢᠬᠤ ᠬᠡᠷᠡᠭᠲᠡᠢ ᠭᠡᠵᠤ ᠱᠠᠭᠠᠷᠳᠠᠵᠠᠢ᠃ | ᠡᠬᠡ ᠪᠢᠴᠢᠭ / ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠨᠠᠶᠢᠷᠠᠭᠤᠯᠤᠭᠴᠢ / ᠸᠠᠩ ᠵᠢᠩ | ᠬᠢᠨᠠᠨ ᠬᠠᠷᠭᠤᠭᠤᠯᠤᠭᠴᠢ / ᠴᠦ᠋ ᠴᠢ | ᠡᠴᠦᠰ ᠤᠨ ᠰᠢᠭᠦᠯᠲᠡ / ᠲᠤᠤ ᠳ᠋ᠠ ᠶᠦᠩ | ᠢᠷᠡᠯᠲᠡ᠄ | ᠾᠥᠸᠧ ᠯᠢ ᠶᠤᠸᠠᠨ ᠪᠤᠤ ᠱᠠᠨ | ᠨᠠᠶᠢᠷᠠᠭᠤᠯᠤᠭᠴᠢ᠄ | ᠪᠤᠤ ᠯᠢᠩ ᡁᠢ | ᠬᠢᠨᠠᠨ ᠬᠠᠷᠭᠤᠭᠤᠯᠤᠭᠴᠢ᠄ | ᠸᠠᠩ ᠯᠸᠢ | ᠶᠡᠷᠤᠩᠬᠡᠢ ᠬᠢᠨᠠᠭᠴᠢ᠄ | ᠯᠢ ᠸᠧᠢ | |