ᠶᠤᠸᠠᠨ ᠪᠦᠦ ᠱᠠᠨ ᠲᠣᠭᠤᠷᠢᠭ ᠤᠨ ᠬᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/12
11.jpg
    12 ᠰᠠᠷ᠎ᠠ ᠶᠢᠨ 22᠎ ᠤᠨ ᠦᠳᠡ ᠶᠢᠨ ᠡᠮᠦᠨ᠎ᠡ᠂ ᠶᠤᠸᠠᠨ ᠪᠦᠦ ᠱᠠᠨ ᠲᠣᠭᠤᠷᠢᠭ ᠤᠨ ᠬᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠠᠴᠠ ᠭᠤᠣᠯᠳᠠᠭᠤ ᠮᠠᠨ ᠤ ᠲᠤᠭᠤᠷᠢᠭ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠱᠠᠲᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠬᠤ ᠪᠠ ᠠᠵᠢᠯ ᠲᠦᠷᠦᠯ ᠤᠨ ᠬᠦᠷᠢᠶ᠎ᠡ ᠶᠢ ᠴᠡᠭᠴᠡᠯᠡᠨ ᠵᠠᠰᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠲᠣᠭᠤᠷᠢᠭ ᠤᠨ ᠪᠠᠶᠢᠩᠭᠤ ᠶᠢᠨ ᠴᠢᠨᠠᠷᠲᠠᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠪᠠ ᠠᠵᠢᠯ ᠲᠥᠷᠥᠯ ᠤᠨ ᠰᠠᠮᠠᠭᠤᠨ ᠦᠵᠡᠭᠳᠡᠯ ᠢ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠬᠦ ᠪᠠ ᠠᠵᠢᠯ ᠲᠦᠷᠦᠯ ᠤᠨ ᠬᠦᠷᠢᠶᠡᠨ ᠤ ᠴᠡᠭᠴᠡᠯᠡᠨ ᠵᠠᠰᠠᠯᠲᠠ ᠶᠢ ᠴᠡᠭᠴᠡᠯᠡᠨ ᠵᠠᠰᠠᠬᠤ ᠶᠡᠭᠡ ᠶᠠᠪᠤᠳᠠᠯ᠂ ᠲᠤᠬᠠᠶᠢᠯᠠᠭᠰᠠᠨ ᠠᠵᠢᠯ ᠴᠢᠬᠤᠯᠠ ᠶᠠᠪᠤᠳᠠᠯ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ ᠠᠳᠬᠤᠵᠤ᠂ ᠨᠠᠷᠢᠨ ᠨᠢᠮᠪᠠᠢ ᠲᠥᠯᠥᠪᠵᠢᠭᠦᠯᠦᠨ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠪᠠᠶᠢᠩᠭᠤᠵᠢᠭᠤᠯᠤᠭᠰᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠤ ᠱᠠᠭᠠᠷᠳᠠᠪᠠ᠃    ᠬᠤᠷᠠᠯ ᠠᠴᠠ᠂ ᠡᠯ᠎ᠡ ᠭᠠᠵᠠᠷ ᠡᠯ᠎ᠡ ᠨᠢᠭᠡᠴᠢ ᠶᠢᠨ ᠬᠢᠨ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠡᠭᠦᠷᠭᠡ ᠪᠣᠯᠤᠨ ᠡᠯ᠎ᠡ ᠵᠦᠢᠯ ᠤᠨ ᠠᠵᠢᠯ ᠢ ᠨᠠᠷᠢᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠂ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠭᠲᠠ ᠲᠤᠬᠢᠷᠠᠭᠤᠯᠤᠨ ᠪᠠᠶᠢᠷᠢᠯᠠᠭᠤᠯᠬᠤ ᠬᠡᠷᠡᠭᠲᠡᠢ᠃ ᠬᠤᠶᠠᠷ ᠲᠤ᠂ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠰᠠᠭᠤᠷᠢ ᠲᠤᠭ᠎ᠠ ᠶᠢ ᠦᠨᠡᠨ ᠬᠦ ᠲᠣᠳᠣᠷᠬᠠᠶ ᠣᠶᠢᠯᠠᠭᠠᠬᠤ ᠬᠡᠷᠡᠭᠲᠡᠶ᠃ ᠭᠤᠷᠪᠠ ᠳᠤ᠂ ᠠᠰᠠᠭᠤᠳᠠᠯ ᠤᠨ ᠰᠦᠪᠡᠭᠴᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭ ᠤᠨ ᠰᠦᠪᠡᠭᠴᠢ ᠶᠢ ᠭᠡᠳᠡᠷᠭᠦ ᠪᠠᠶᠢᠴᠠᠭᠠᠬᠤ ᠬᠡᠷᠡᠭᠲᠡᠢ᠃ ᠲᠦᠷᠪᠡ ᠳᠤ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ ᠬᠡᠷᠡᠭᠲᠡᠶ᠃ ᠲᠠᠪᠤ ᠳᠤ᠂ ᠠᠵᠢᠯ ᠲᠦᠷᠦᠯ ᠤᠨ ᠰᠠᠮᠠᠭᠤᠨ ᠦᠵᠡᠭᠳᠡᠯ ᠢ ᠴᠡᠭᠴᠡᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠤ ᠦᠷᠡᠵᠢᠨ ᠳᠡᠯᠭᠡᠷᠡᠬᠦ ᠬᠥᠷᠥᠰᠥ ᠰᠢᠷᠣᠢ ᠶᠢ ᠠᠷᠢᠯᠭᠠᠬᠤ ᠬᠡᠷᠡᠭᠲᠡᠢ᠃ ᠲᠠᠬᠢᠨ ᠳᠠᠪᠲᠠᠨ ᠠᠳᠬᠤᠬᠤ᠂ ᠲᠠᠬᠢᠨ ᠳᠠᠪᠲᠠᠨ ᠠᠳᠬᠤᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠦᠨᠡᠨᠬᠦ ᠪᠤᠢ ᠪᠣᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠬᠦ ᠶᠢ ᠡᠷᠡᠰ ᠭᠤᠶᠢᠪᠢᠰᠢ ᠦᠬᠡᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃      ᠰᠤᠷᠪᠤᠯᠵᠢᠯᠠᠭᠴᠢ / ᠸᠠᠩ ᠵᠢᠶᠠ ᠴᠢ      ᠨᠠᠶᠢᠷᠠᠭᠤᠯᠤᠭᠴᠢ / ᠸᠠᠩ ᠵᠢᠩ      ᠬᠢᠨᠠᠨ ᠬᠠᠷᠭᠤᠭᠤᠯᠤᠭᠴᠢ / ᠴᠦ᠋ ᠴᠢ      ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ    
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1