ᠶᠤᠸᠠᠨ ᠪᠦᠦ ᠱᠠᠨ ᠲᠣᠭᠤᠷᠢᠭ ᠤᠨ ᠬᠢᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/12
    12 ᠰᠠᠷ᠎ᠠ ᠶᠢᠨ 21᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠬᠢᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠡᠨᠡ ᠵᠢᠯ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠳ᠋ᠦᠩᠨᠡᠨ ᠪᠦᠷᠢᠳᠬᠡᠵᠦ᠂ ᠳᠠᠷᠠᠭᠠᠴᠢ ᠶᠢᠨ ᠱᠠᠲᠤᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠤᠸᠠᠨ ᠶᠦᠨ ᠾᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠬᠠᠷᠢᠭᠤᠴᠠᠯᠭᠠᠲᠤ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠤᠨ ᠪᠣᠳᠠᠲᠠᠶ ᠠᠵᠢᠯᠲᠠᠳ ᠬᠤᠷᠠᠯ ᠳᠤ ᠣᠷᠣᠯᠴᠠᠪᠠ᠃
     ᠬᠤᠷᠠᠯ ᠠᠴᠠ ᠶᠤᠸᠠᠨ ᠪᠦᠦ ᠱᠠᠨ ᠲᠣᠭᠤᠷᠢᠭ ᠤᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠠᠭᠤᠷᠢᠶᠠᠮᠠᠯ ᠰᠢᠯᠭᠠᠨ ᠦᠨᠡᠯᠡᠯᠲᠡ ᠶᠢᠨ ᠪᠠᠶᠢᠳᠠᠯ ᠵᠢᠴᠢ ᠬᠠᠷᠢᠭᠤ ᠲᠤᠰᠬᠠᠬᠰᠠᠨ ᠠᠰᠠᠭᠤᠳᠠᠯ ᠤᠨ ᠲᠤᠬᠠᠢ ᠵᠠᠷᠯᠠᠯ ᠢ ᠰᠣᠨᠣᠰᠴᠠᠢ᠃  ᠬᠤᠷᠠᠯ ᠠᠴᠠ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤ ᠦᠷᠭᠦᠯᠵᠢᠯᠡᠨ ᠬᠦᠴᠦᠯᠡᠬᠦ ᠪᠠᠷ ᠳᠡᠮᠵᠢᠨ᠂ ᠮᠠᠨ ᠤ ᠲᠤᠭᠤᠷᠢᠭ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ᠂ ᠣᠯᠠᠨ ᠨᠡᠶᠢᠲᠡ ᠶᠢᠨ ᠡᠮᠬᠢ ᠳᠢᠭᠯᠢᠮ ᠢ ᠬᠠᠮᠠᠭᠠᠯᠠᠬᠤ ᠵᠡᠷᠭᠡ ᠲᠠᠯ᠎ᠠ ᠪᠠᠷ ᠢᠯᠡᠳᠲᠡ ᠰᠠᠶᠢᠵᠢᠷᠠᠯᠲᠠ ᠲᠠᠢ ᠪᠤᠯᠤᠭᠰᠠᠨ ᠪᠤᠯᠪᠠᠴᠤ ᠲᠠᠨᠢᠯᠲᠠ ᠪᠠ ᠡᠵᠡᠮᠳᠡᠯ ᠢᠶᠠᠷ ᠬᠦᠷᠦᠯᠴᠡᠬᠦ ᠦᠭᠡᠢ᠂ ᠦᠢᠯᠡᠴᠢᠯᠡᠭᠡ ᠪᠠ ᠬᠠᠮᠢᠶᠠᠷᠤᠯᠲᠠ ᠪᠠᠷ ᠬᠦᠷᠦᠯᠴᠡᠬᠦ ᠦᠭᠡᠢ᠂ ᠠᠬᠢᠭᠤᠯᠬᠤ ᠪᠠ ᠨᠠᠶᠢᠳᠠᠪᠤᠷᠢᠵᠢᠭᠤᠯᠬᠤ ᠪᠠᠷ ᠬᠦᠷᠦᠯᠴᠡᠬᠦ ᠦᠭᠡᠢ ᠵᠡᠷᠭᠡ ᠠᠰᠠᠭᠤᠳᠠᠯ ᠪᠠ ᠳᠤᠲᠠᠭᠤᠳᠠᠯ ᠮᠥᠨ ᠣᠷᠣᠰᠢᠵᠤ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢ ᠭᠦᠨᠵᠡᠭᠡᠢ ᠲᠠᠨᠢᠵᠤ᠂ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠰᠠᠨᠠᠭᠠᠴᠢᠯᠠᠭ᠎ᠠ ᠠᠴᠠ ᠪᠠᠨ ᠲᠠᠨᠢᠵᠤ᠂ ᠨᠠᠷᠢᠨ ᠬᠢᠨᠠᠮᠠᠭᠠᠢ ᠡᠮᠬᠢᠯᠡᠵᠦ᠂ ᠨᠡᠩ ᠶᠡᠭᠡ ᠬᠦᠴᠦ ᠣᠷᠣᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃   ᠬᠤᠷᠠᠯ ᠠᠴᠠ᠂ ᠭᠤᠣᠯᠳᠠᠯᠭ᠎ᠠ ᠶᠢ ᠲᠤᠪᠤᠶᠢᠯᠭᠠᠵᠤ᠂ ᠰᠠᠭᠤᠷᠢ ᠲᠥᠬᠦᠭᠡᠷᠦᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ᠂ ᠤᠯᠠᠨ ᠨᠡᠶᠢᠲᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠴᠢᠩᠭᠠᠳᠬᠠᠬᠤ᠂ ᠤᠯᠠᠨ ᠨᠡᠶᠢᠲᠡ ᠶᠢᠨ ᠡᠮᠬᠢ ᠳᠢᠭᠯᠢᠮ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠬᠤ᠂ ᠰᠣᠶᠣᠯ ᠤᠨ ᠣᠷᠴᠢᠨ ᠲᠣᠭᠤᠷᠢᠨ ᠵᠢᠴᠢ ᠴᠤᠩᠬᠤᠪᠴᠢ ᠦᠢᠯᠡᠴᠢᠯᠡᠭᠡᠨ ᠤ ᠠᠵᠢᠯ ᠲᠦᠷᠦᠯ ᠤᠨ ᠵᠠᠰᠠᠯᠲᠠ ᠶᠢ ᠦᠷᠭᠦᠯᠵᠢᠯᠡᠨ ᠰᠠᠶᠢᠲᠤᠷ ᠠᠳᠬᠤᠬᠤ᠂ ᠬᠤᠳᠠ ᠶᠢᠨ ᠠᠷᠠᠳ ᠤᠨ ᠪᠣᠯᠪᠠᠰᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠨᠠᠷᠢᠨ ᠨᠢᠮᠪᠠᠶ ᠨᠠᠶᠢᠳᠠᠪᠤᠷᠢᠵᠢᠭᠤᠯᠵᠤ ᠪᠠᠭ᠎ᠠ ᠪᠠᠭ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃  ᠬᠤᠷᠠᠯ ᠠᠴᠠ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠂ ᠳᠠᠪᠬᠤᠷ ᠳᠠᠪᠬᠤᠷ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠶᠢ ᠪᠠᠷᠢᠮᠲᠠᠯᠠᠵᠤ᠂ ᠱᠠᠯᠠᠪᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠶᠢ ᠴᠢᠩᠳᠠᠯᠠᠬᠤ ᠪᠠᠷ ᠳᠠᠮᠵᠢᠭᠤᠯᠤᠨ᠂ ᠬᠦᠴᠦ ᠪᠠᠨ ᠡᠩ ᠤᠨ ᠴᠠᠭ ᠲᠠᠭᠠᠨ ᠲᠠᠯᠪᠢᠵᠤ᠂ ᠪᠠᠶᠢᠩᠭᠤ ᠠᠳᠬᠤᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠦᠨᠳᠦᠰᠦᠯᠡᠵᠦ᠂ ᠵᠣᠬᠢᠰᠲᠠᠢ ᠲᠥᠯᠥᠪᠵᠢᠭᠦᠯᠭᠡ ᠪᠠ ᠬᠦᠴᠦᠲᠡᠢ ᠠᠷᠭ᠎ᠠ ᠬᠡᠮᠵᠢᠶ᠎ᠡ ᠠᠪᠴᠤ᠂ ᠠᠵᠢᠯ ᠢᠶᠠᠨ ᠡᠳᠦᠷ ᠪᠦᠷᠢ ᠠᠬᠢᠴᠠ ᠲᠠᠢ᠂ ᠴᠠᠭ ᠢᠮᠠᠭᠲᠠ ᠦᠷ᠎ᠡ ᠪᠦᠲᠦᠮᠵᠢ ᠲᠠᠢ᠂ ᠤᠷᠳᠤ ᠬᠤᠭᠤᠴᠠᠭᠠᠨ ᠤ ᠪᠦᠲᠦᠮᠵᠢᠲᠡᠢ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠬᠤᠳᠠ ᠶᠢ ᠡᠭᠦᠳᠦᠨ ᠪᠠᠶᠢᠭᠤᠯᠬᠤ ᠪᠠᠷ ᠳᠠᠮᠵᠢᠭᠤᠯᠤᠨ ᠤᠯᠠᠨ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠪᠢᠳᠡᠨ ᠤ ᠵᠣᠪᠠᠭᠤᠷᠢ ᠵᠦᠳᠡᠭᠦᠷᠢ ᠶᠢᠨ ᠵᠢᠭᠠᠯᠲᠠ ᠲᠤᠭ᠎ᠠ ᠪᠠᠷ ᠢᠶᠠᠨ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠪᠠ ᠬᠤᠳᠠ ᠶᠢᠨ ᠪᠣᠯᠪᠠᠰᠤᠨ ᠤ ᠵᠢᠭᠠᠯᠲᠠ ᠲᠤᠭ᠎ᠠ ᠶᠢ ᠦᠨᠡᠨᠬᠦ ᠰᠣᠯᠢᠵᠤ ᠠᠪᠬᠤ ᠬᠡᠷᠡᠭᠲᠡᠢ ᠭᠡᠵᠤ ᠱᠠᠭᠠᠷᠳᠠᠪᠠ᠃      ᠰᠤᠷᠪᠤᠯᠵᠢᠯᠠᠭᠴᠢ / ᠸᠠᠩ ᠵᠢᠶᠠ ᠴᠢ      ᠨᠠᠶᠢᠷᠠᠭᠤᠯᠤᠭᠴᠢ / ᠸᠠᠩ ᠵᠢᠩ      ᠬᠢᠨᠠᠨ ᠬᠠᠷᠭᠤᠭᠤᠯᠤᠭᠴᠢ / ᠴᠦ᠋ ᠴᠢ      ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ    
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1