ᠶᠤᠸᠠᠨ ᠪᠦᠦ ᠱᠠᠨ ᠲᠣᠭᠤᠷᠢᠭ ᠤᠨ ᠬᠢᠨ ᠪᠦᠬᠦ ᠤᠯᠤᠰ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠢᠷᠢ ᠲᠡᠩᠴᠡᠭᠰᠡᠨ ᠬᠤᠳᠠ ᠶᠢ ᠲᠦ᠋ᠷᠦᠯ ᠵᠦᠢᠯᠴᠢᠯᠡᠭᠰᠡᠨ ᠪᠦ᠋ᠲᠦᠭᠡᠨ ᠪᠠᠶᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/12
12 ᠳ᠋ᠤᠭᠠᠷ ᠰᠠᠷ᠎ᠠ ᠶᠢᠨ 22᠎ ᠤᠨ ᠡᠳᠦᠷ᠂ ᠶᠤᠸᠠᠨ ᠪᠦᠦ ᠱᠠᠨ ᠲᠣᠭᠤᠷᠢᠭ ᠤᠨ ᠬᠢᠨ ᠪᠥᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠢᠷᠢ ᠲᠡᠩᠴᠡᠭᠰᠡᠨ ᠬᠤᠲᠠ ᠶᠢ ᠲᠥᠷᠥᠯ ᠵᠦᠢᠯᠴᠢᠯᠡᠨ ᠪᠥᠲᠥᠭᠡᠨ ᠪᠠᠶᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠨᠢ ᠭᠤᠤᠯᠳᠠᠭᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠳᠥᠯᠭᠢᠨ ᠠᠬᠢᠭᠤᠯᠬᠤ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠮᠠᠨ ᠤ ᠲᠣᠭᠤᠷᠢᠭ ᠤᠨ ᠲᠠᠷᠠᠭᠠᠴᠢ ᠶᠢᠨ ᠱᠠᠲᠤᠨ ᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠡᠯ᠎ᠡ ᠵᠦᠢᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠦᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠢᠷᠢ ᠲᠡᠩᠴᠡᠭᠰᠡᠨ ᠬᠤᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ  ᠨᠢᠭᠡᠴᠢ ᠬᠤᠷᠠᠯ ᠳᠤ ᠤᠷᠤᠯᠴᠠᠪᠠ᠃    ᠬᠤᠷᠠᠯ ᠳᠡᠭᠡᠷ᠎ᠡ᠂ ᠳᠡᠭᠡᠷ᠎ᠡ ᠨᠢᠭᠡ ᠱᠠᠲᠤᠨ ᠤ ᠠᠵᠢᠯ ᠢ ᠳ᠋ᠦᠩᠨᠡᠵᠦ᠂ ᠲᠥᠷᠥᠯ ᠵᠦᠢᠯᠴᠢᠯᠡᠭᠰᠡᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠤ᠂ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠡᠭᠦᠷᠭᠡ ᠶᠢ ᠡᠭᠦᠷᠭᠡᠯᠡᠵᠦ ᠪᠠᠶᠢᠭ᠎ᠠ ᠬᠠᠮᠢᠶ᠎ᠠ ᠪᠥᠬᠦᠶ ᠭᠠᠵᠠᠷ ᠣᠷᠣᠨ᠂ ᠰᠠᠯᠠᠭ᠎ᠠ ᠮᠥᠴᠢᠷ ᠪᠠ  ᠨᠢᠭᠡᠴᠢ ᠳᠤ ᠭᠤᠤᠯᠳᠠᠯᠭ᠎ᠠ ᠲᠠᠢ ᠡᠭᠦᠷᠭᠡ᠂ ᠲᠥᠷᠥᠯ ᠵᠦᠢᠯ ᠢ ᠵᠠᠳᠠᠯᠤᠨ ᠨᠠᠶᠢᠳᠠᠪᠤᠷᠢᠵᠢᠭᠤᠯᠬᠤ ᠶᠢ ᠨᠠᠷᠢᠯᠢᠬᠵᠢᠭᠤᠯᠬᠤ ᠂ ᠤᠨᠴᠠᠯᠢᠬᠳᠤ ᠲᠥᠷᠥᠯ ᠵᠦᠢᠯ ᠢ ᠬᠤᠪᠢᠶᠠᠨ ᠠᠪᠴᠤ ᠬᠤᠪᠢᠶᠠᠨ ᠡᠭᠦᠳᠬᠦ ᠭᠤᠷᠪᠠᠨ ᠵᠦᠢᠯ ᠤᠨ ᠭᠤᠤᠯ ᠡᠭᠦᠷᠭᠡ ᠶᠢᠨ ᠲᠣᠭᠤᠷᠢᠨ ᠳᠤ ᠲᠥᠷᠥᠯ ᠬᠤᠪᠢᠶᠠᠨ ᠵᠢᠯᠣᠭᠤᠳᠬᠤ ᠪᠠ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠪᠠ
11.jpg    ᠬᠤᠷᠠᠯ ᠠᠴᠠ᠂ ᠡᠯ᠎ᠡ ᠬᠠᠮᠢᠶ᠎ᠠ ᠪᠥᠬᠦᠶ ᠨᠢᠭᠡᠴᠢ ᠨᠦᠭᠦᠳ ᠲᠥᠷᠥᠯ ᠵᠦᠢᠯ ᠢ ᠵᠠᠳᠠᠯᠬᠤ ᠱᠠᠭᠠᠷᠳᠠᠯᠭ᠎ᠠ ᠶᠢ ᠴᠢᠩᠭ᠎ᠠ
ᠵᠢᠷᠤᠮᠯᠠᠨ᠂ ᠪᠥᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠭᠰᠠᠨ ᠲᠤᠷᠰᠢᠯᠲᠠ ᠶᠢᠨ ᠴᠡᠭ ᠤᠨ ᠬᠢᠷᠢ ᠲᠡᠩᠴᠡᠭᠰᠡᠨ ᠬᠤᠲᠠ ᠶᠢ ᠪᠥᠲᠥᠭᠡᠨ ᠪᠠᠶᠢᠭᠤᠯᠬᠤ ᠠᠵᠢᠯ ᠢ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠪᠥᠬᠦ ᠶᠠᠪᠤᠴᠠ ᠳᠤ ᠲᠤᠤᠱᠯᠠᠭᠤᠯᠵᠤ᠂ ᠲᠤᠷᠰᠢᠯᠲᠠ ᠶᠢᠨ ᠴᠡᠭ ᠤᠨ ᠠᠵᠢᠯ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠦᠨᠳᠦ ᠶᠡᠭᠡ ᠵᠥᠷᠢᠴᠡᠯ ᠲᠦᠭᠰᠢᠭᠦᠷᠢ ᠶᠢ ᠬᠤᠲᠠ ᠶᠢᠨ ᠬᠡᠪᠴᠢᠶᠡᠨ ᠳᠤ ᠰᠢᠢᠳᠪᠦᠷᠢᠯᠡᠵᠤ᠂ ᠬᠠᠤᠯᠢ ᠪᠠᠷ ᠵᠠᠰᠠᠬᠤ ᠶᠤᠸᠠᠨ ᠪᠦᠦ ᠱᠠᠨ᠂ ᠡᠶ᠎ᠡ ᠵᠣᠬᠢᠴᠠᠯ ᠲᠠᠢ ᠶᠤᠸᠠᠨ ᠪᠦᠦ ᠱᠠᠨ᠂ ᠠᠮᠤᠷ ᠲᠦᠪᠰᠢᠨ ᠶᠤᠸᠠᠨ ᠪᠦᠦ ᠱᠠᠨ ᠤ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠰᠢᠨ᠎ᠡ ᠬᠢᠷᠢ ᠲᠦᠪᠰᠢᠨ ᠳᠤ ᠬᠦᠷᠦᠭᠦᠯᠬᠦ ᠶᠢ ᠳᠥᠯᠭᠢᠨ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃      ᠰᠤᠷᠪᠤᠯᠵᠢᠯᠠᠭᠴᠢ / ᠸᠠᠩ ᠵᠢᠶᠠ ᠴᠢ      ᠨᠠᠶᠢᠷᠠᠭᠤᠯᠤᠭᠴᠢ / ᠸᠠᠩ ᠵᠢᠩ      ᠬᠢᠨᠠᠨ ᠬᠠᠷᠭᠤᠭᠤᠯᠤᠭᠴᠢ / ᠴᠦ᠋ ᠴᠢ      ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ   
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1