ᠶᠤᠸᠠᠨ ᠪᠦᠦ ᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠶᠢᠰᠦᠳᠦᠭᠡᠷ ᠬᠤᠭᠤᠴᠠᠭᠠᠨ ᠤ ᠠᠷᠪᠠᠨ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/12
12 ᠰᠠᠷ᠎ᠠ ᠶᠢᠨ 22᠎ ᠤᠨ ᠡᠳᠦᠷ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠵᠧᠨ ᠯᠢᠶᠠᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ  ᠵᠦᠪᠯᠡᠯ ᠤᠨ ᠠᠷᠪᠠᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠹᠧᠩ ᠬᠤᠸᠠ᠂ ᠢᠦᠶ ᠽᠦᠸᠧ ᠬᠤᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳ᠋ᠢᠩ ᠰᠢᠶᠤᠤ ᠢᠦᠶ ᠬᠤᠷᠠᠯ ᠳᠤ ᠣᠷᠣᠯᠴᠠᠵᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠥᠪᠯᠡᠯ ᠲᠠᠰᠤᠭ ᠪᠠ ᠲᠣᠭᠤᠷᠢᠭ ᠤᠨ ᠵᠠᠰᠠᠭ ᠤᠨ ᠣᠷᠳᠣᠨ ᠤ ᠰᠢᠪᠠᠳᠠᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
    ᠬᠤᠷᠠᠯ ᠠᠴᠠ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠶ ᠡᠬᠢ ᠪᠠᠶᠠᠯᠢᠭ ᠤᠨ ᠵᠥᠪᠯᠡᠯ ᠤᠨ ᠪᠥᠬᠦ ᠲᠣᠭᠤᠷᠢᠭ ᠤᠨ ᠲᠠᠷᠢᠶᠠᠯᠠᠩ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠠ ᠲᠣᠭᠤᠷᠢᠭ ᠤᠨ ᠵᠠᠰᠠᠭ ᠤᠨ ᠣᠷᠳᠣᠨ ᠤ ᠰᠢᠪᠠᠳᠠᠨ ᠪᠠᠶᠢᠴᠠᠭᠠᠬᠤ ᠲᠠᠰᠤᠭ ᠤᠨ ᠶᠢᠰᠦᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠷᠠᠯᠳᠤᠭᠠᠨ ᠠᠴᠠ ᠨᠠᠰᠢᠬᠢ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠢᠴᠡᠳᠭᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ︔ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠪᠠᠶᠢᠩᠭᠤ ᠶᠢᠨ ᠭᠡᠰᠢᠭᠦᠨ ᠤ ᠰᠠᠨᠠᠭᠤᠯᠭ᠎ᠠ ᠶᠢᠨ ᠨᠡᠷᠡᠰ ᠵᠢᠴᠢ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠬᠤᠯᠪᠣᠭᠳᠠᠯ ᠪᠥᠬᠦᠶ ᠵᠦᠢᠯᠡᠰ ᠢ ᠬᠢᠨᠠᠨ ᠵᠥᠪᠯᠡᠵᠦ ᠪᠠᠲᠤᠯᠠᠪᠠ᠃     ᠸᠠᠩ ᠵᠧᠨ ᠯᠢᠶᠠᠩ᠂ ᠪᠠᠶᠢᠩᠭᠤ ᠶᠢᠨ ᠭᠡᠰᠢᠭᠦᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ᠂ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠨᠠᠷᠢᠨ ᠬᠢᠨᠠᠮᠠᠭᠠᠶ ᠬᠠᠷᠢᠭᠤᠴᠠᠯᠭᠠᠲᠤ ᠣᠪᠣᠷ ᠢᠶᠠᠷ ᠥᠪᠡᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠵᠥᠪᠯᠡᠬᠦ ᠵᠦᠢᠯ ᠤᠳ ᠢᠶᠠᠨ ᠤᠷᠤᠭᠰᠢᠲᠠᠶ ᠪᠠᠷ ᠪᠡᠶᠡᠯᠡᠭᠦᠯᠦᠭᠡᠳ᠂ ᠲᠤᠰ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠢ ᠲᠡᠭᠦᠰ ᠠᠮᠵᠢᠯᠲᠠ ᠲᠠᠢ ᠲᠡᠭᠦᠰᠬᠡᠵᠦ᠂ ᠪᠠᠰᠠ ᠰᠢᠨ᠎ᠡ ᠨᠢᠭᠡ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢᠶᠠᠨ ᠤᠷᠤᠭᠰᠢᠲᠠᠶ ᠥᠷᠨᠢᠭᠦᠯᠬᠦ ᠳᠤ ᠰᠠᠶᠢᠨ ᠰᠠᠭᠤᠷᠢ ᠲᠠᠯᠪᠢᠵᠤ ᠦᠭᠬᠦ ᠬᠡᠷᠡᠭᠲᠡᠢ ᠭᠡᠵᠤ  ᠵᠢᠭᠠᠵᠤ ᠭᠠᠷᠭᠠᠪᠠ᠃    ᠸᠠᠩ ᠵᠧᠨ ᠯᠢᠶᠠᠩ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠮᠥᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠥᠷᠭᠡᠳᠬᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠲᠠᠨᠢᠯᠲᠠ ᠪᠠᠨ ᠳᠡᠭᠡᠭᠰᠢᠯᠡᠭᠦᠯᠵᠦ᠂ ᠵᠣᠭᠰᠣᠴᠠ ᠪᠠᠨ ᠣᠨᠣᠪᠴᠢᠲᠠᠢ ᠣᠯᠵᠤ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠤᠨ ︽ᠵᠠᠩᠭᠢᠯᠠᠭ᠎ᠠ ᠶᠢᠨ ᠴᠥᠭᠡᠨ ᠲᠣᠭᠠᠲᠠᠨ︾᠎ ᠤ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠥᠪᠡᠷ ᠢ ᠪᠠᠨ ᠰᠤᠷᠤᠯᠴᠠᠬᠤ᠂ ᠥᠪᠡᠷ ᠢ ᠪᠠᠨ ᠬᠥᠮᠦᠵᠢᠭᠦᠯᠬᠦ ᠰᠢᠯᠢᠳᠡᠭ ᠤᠯᠠᠮᠵᠢᠯᠠᠯ ᠢ ᠪᠠᠷᠢᠮᠲᠠᠯᠠᠵᠤ᠂ ᠰᠡᠳᠬᠢᠯ ᠰᠠᠨᠠᠭ᠎ᠠ ᠪᠠ ᠤᠶᠤᠨ ᠴᠢᠳᠠᠯ ᠢᠶᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠲᠥᠪᠯᠡᠷᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃    ᠸᠠᠩ ᠵᠧᠨ ᠯᠢᠶᠠᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠮᠠᠲ᠋ᠧᠷᠢᠶᠠᠯ᠂ ᠰᠣᠨᠢᠨ ᠮᠡᠳᠡᠭᠡᠯᠡᠯ᠂ ᠠᠷᠤ ᠲᠠᠯ᠎ᠠ ᠶᠢᠨ ᠠᠵᠢᠯ ᠤᠨ ᠪᠠᠲᠤᠯᠠᠭ᠎ᠠ ᠵᠢᠴᠢ ᠬᠢᠵᠢᠭ ᠢ ᠰᠡᠷᠭᠡᠶᠢᠯᠡᠬᠦ ᠠᠵᠢᠯ ᠢ ᠨᠠᠷᠢᠨ ᠨᠢᠮᠪᠠᠶ ᠤᠬᠠᠭᠠᠯᠠᠨ ᠲᠥᠯᠥᠪᠯᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠤᠷᠠᠯᠳᠤᠭᠠᠨ ᠤ ᠤᠷᠤᠭᠰᠢᠲᠠᠶ ᠬᠤᠷᠠᠯᠳᠤᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃ ᠬᠠᠮᠤᠭ ᠰᠡᠬᠦᠯ ᠳᠤᠨᠢ ᠸᠠᠩ ᠵᠧᠨ ᠯᠢᠶᠠᠩ ᠲᠤᠰᠢᠶᠠᠯ ᠠᠴᠠ ᠪᠠᠨ ᠰᠠᠯᠬᠤ ᠭᠡᠵᠦ ᠪᠠᠶᠢᠭ᠎ᠠ ᠪᠠᠶᠢᠩᠭᠤ ᠶᠢᠨ ᠭᠡᠰᠢᠭᠦᠳ ᠤᠨ ᠰᠢᠷᠭᠠᠭᠤ ᠬᠠᠲᠠᠭᠤᠵᠢᠯᠲᠠᠢ ᠠᠵᠢᠯᠯᠠᠭᠰᠠᠨ ᠳᠤ ᠬᠦᠨᠳᠦᠳᠬᠡᠯ ᠪᠠ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠬᠤᠷᠠᠯ ᠳᠤ ᠣᠷᠣᠯᠴᠠᠭᠰᠠᠳ ᠲᠤ ︽ᠤᠯᠤᠰ ᠲᠦᠷᠦ ᠶᠢᠨ ᠵᠥᠪᠯᠡᠯᠭᠡᠨ ᠤ ᠡᠭᠦᠳᠡᠨ ᠳᠤ ᠣᠷᠣᠪᠠᠯ ᠳᠠᠷᠤᠢ ᠤᠯᠤᠰ ᠲᠦᠷᠦ ᠶᠢᠨ ᠵᠥᠪᠯᠡᠯᠭᠡᠨ ᠤ ᠬᠥᠮᠦᠨ ᠪᠣᠯᠤᠨ᠎ᠠ︾ ᠭᠡᠵᠦ ᠬᠦᠰᠡᠯ ᠡᠷᠡᠮᠡᠯᠵᠡᠯ ᠲᠠᠯᠪᠢᠵᠤ᠂ ᠬᠤᠷᠠᠯ ᠳᠤ ᠣᠷᠣᠯᠴᠠᠭᠰᠠᠳ ᠬᠤᠶᠢᠰᠢᠳᠠ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠ ᠢᠳᠡᠪᠬᠢᠲᠡᠢ ᠥᠭᠡᠳᠡᠯᠡᠨ ᠲᠠᠪᠰᠢᠬᠤ ᠣᠪᠣᠷ ᠢᠶᠠᠷ ᠠᠵᠢᠯ ᠳᠠᠭᠠᠨ ᠣᠷᠣᠯᠴᠠᠵᠤ᠂ ᠶᠤᠸᠠᠨ ᠪᠦᠦ ᠱᠠᠨ ᠲᠣᠭᠤᠷᠢᠭ ᠤᠨ ᠰᠠᠶᠢᠨ ᠰᠠᠶᠢᠬᠠᠨ ᠢᠷᠡᠭᠡᠳᠦᠢ ᠶᠢ ᠪᠦᠳᠦᠭᠡᠨ ᠪᠠᠶᠢᠭᠤᠯᠬᠤ ᠳᠤ ᠤᠶᠤᠨ ᠤᠬᠠᠭᠠᠨ ᠢᠶᠠᠨ ᠡᠷᠭᠦᠬᠦ ᠶᠢ ᠬᠦᠰᠡᠪᠡ᠃      ᠰᠤᠷᠪᠤᠯᠵᠢᠯᠠᠭᠴᠢ / ᠸᠠᠩ ᠸᠧᠨ ᠢ᠂ ᠯᠢ ᠰᠢᠨ      ᠨᠠᠶᠢᠷᠠᠭᠤᠯᠤᠭᠴᠢ / ᠸᠠᠩ ᠵᠢᠩ      ᠬᠢᠨᠠᠨ ᠬᠠᠷᠭᠤᠭᠤᠯᠤᠭᠴᠢ / ᠴᠦ᠋ ᠴᠢ      ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1