ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠳᠤ ᠡᠬᠢᠯᠡᠪᠡ
ᠨᠡᠶᠢᠲᠡᠯᠡᠭᠰᠡᠨ ᠴᠠᠭ᠄
2022/10/18
    ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠰᠦᠬᠡᠢ    ᠰᠢ ᠶᠢᠨ ᠫᠢᠩ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶ᠎ᠠ ᠶᠢ ᠲᠦᠯᠦᠬᠡᠯᠡᠨ ᠶᠡᠭᠡ ᠬᠤᠷᠠᠯ ᠳᠤ ᠢᠯᠡᠳᠬᠡᠯ ᠬᠢᠪᠡ    ᠰᠢ ᠶᠢᠨ ᠫᠢᠡᠭ ᠵᠢᠭᠠᠵᠦ ᠭᠠᠷᠭᠠᠬᠰᠡᠨ ᠨᠢ᠂ ᠤᠳᠤ ᠠᠴᠠ ᠡᠬᠢᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮᠲᠦ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠠᠪᠤᠳᠠᠯ ᠪᠣᠯᠣᠨ᠎ᠠ᠃ ᠤᠷᠤᠭᠰᠢᠯᠠᠯᠲᠠ ᠶᠢᠨ ᠵᠠᠮ ᠳᠡᠭᠡᠷ᠎ᠡ ᠡᠷᠬᠡᠪᠰᠢ ᠴᠢᠬᠤᠯᠠ ᠶᠡᠭᠡ ᠵᠠᠷᠴᠢᠮ ᠢ ᠪᠠᠲᠤ ᠡᠵᠡᠮᠳᠡᠬᠦ ᠬᠡᠷᠡᠭᠲᠡᠢ᠄ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠨ᠎ᠠ    ᠯᠢ ᠺᠧ ᠴᠢᠶᠠᠩ ᠶᠡᠭᠡ ᠬᠤᠷᠠᠯ ᠢ ᠡᠷᠬᠢᠯᠡᠵᠥ 2340 ᠲᠦᠯᠦᠬᠡᠯᠡᠭᠴᠢ ᠪᠤᠯᠤᠨ ᠤᠨᠴᠠ ᠤᠷᠢᠬᠰᠠᠨ ᠳᠦᠯᠦᠬᠡᠯᠡᠭᠴᠢ ᠶᠡᠭᠡ ᠬᠤᠷᠠᠯ ᠳᠤ ᠤᠷᠤᠯᠴᠠᠵᠠᠢ 
a_副本.jpg
        10 ᠰᠠᠷ᠎ᠠ ᠶᠢᠨ 16᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢ ᠶᠢᠨ ᠫᠢᠩ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢ ᠲᠦᠯᠦᠭᠡᠯᠡᠨ ᠶᠡᠭᠡ ᠬᠤᠷᠠᠯ ᠳᠤ ᠢᠯᠡᠳᠭᠡᠯ ᠬᠢᠵᠡᠢ     ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠤᠤ ᠠᠶ ᠮᠢᠨ ᠰᠡᠭᠦᠳᠡᠷᠯᠡᠪᠡ       ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠰᠡᠷᠭᠦᠨ ᠮᠠᠨᠳᠤᠯᠲᠠ ᠶᠢᠨ ᠰᠢᠨ᠎ᠡ ᠠᠤᠭ᠎ᠠ ᠲᠥᠰᠥᠪ ᠢ ᠵᠢᠷᠤᠭᠯᠠᠵᠤ᠂ ᠪᠦᠯᠬᠦᠮᠳᠡᠨ ᠲᠡᠮᠡᠴᠡᠵᠦ ᠲᠡᠦᠬᠡ ᠶᠢᠨ ᠰᠢᠨ᠎ᠡ ᠠᠭᠤᠤ ᠦᠢᠯᠡᠰ ᠢ ᠡᠭᠦᠳᠦᠨ ᠪᠦᠲᠦᠭᠡᠨ᠎ᠡ᠃ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠲᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 16᠎ ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠭᠢᠮ ᠳᠤ ᠡᠬᠢᠯᠡᠪᠡ᠃ ᠰᠢ ᠶᠢᠨ ᠫᠢᠩ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠮᠤᠨ᠎ᠠ ᠠᠴᠠ ᠶᠡᠭᠡ ᠬᠤᠷᠠᠯ ᠳᠤ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠰᠦᠬᠡᠢ︾ ᠭᠡᠬᠦ ᠰᠡᠳᠦᠪ ᠢᠶᠠᠷ ᠢᠯᠡᠳᠭᠡᠯ ᠬᠢᠪᠠ᠃ ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠤᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠃ ᠶᠡᠭᠡ ᠬᠤᠷᠠᠯ ᠤᠨ ᠭᠤᠣᠯ ᠰᠡᠳᠦᠪ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠭᠤᠤ ᠶᠡᠭᠡ ᠨᠠᠮ ᠪᠠᠶᠢᠭᠤᠯᠤᠬᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠪᠡᠷ ᠢ ᠪᠠᠨ ᠢᠲᠡᠬᠡᠵᠤ ᠥᠪᠡᠷ ᠢ ᠪᠠᠨ ᠬᠥᠴᠥᠷᠬᠡᠭᠵᠢᠬᠦᠯᠥᠨ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠤᠮᠤᠬ ᠵᠤᠷᠢᠭ ᠪᠠᠳᠠᠷᠠᠩᠭᠤᠢ ᠡᠷᠡᠮᠡᠬᠡᠶᠢᠯᠡᠨ ᠳᠡᠮᠡᠴᠡᠵᠥ᠂ ᠡᠷᠡᠯᠬᠡᠭ ᠰᠢᠭᠤᠷᠬᠠᠢ ᠪᠠᠷ ᠤᠷᠤᠬᠰᠢᠯᠠᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠶᠠᠪᠤᠳᠠᠯ ᠪᠤᠯᠤᠨ᠎ᠠ ᠬᠡᠵᠥ ᠵᠢᠭᠠᠵᠥ ᠭᠠᠷᠭᠠᠪᠠ᠃ 
b_副本.jpg
       10 ᠰᠠᠷ᠎ᠠ ᠶᠢᠨ 16᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠵᠢᠷᠤᠭ ᠪᠤᠯ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠣᠣ ᠯᠧ ᠵᠢᠶ᠂ ᠬᠠᠨ ᠵᠧᠩ᠂ ᠬᠤ᠋ ᠶᠢᠨ ᠲᠤᠤ ᠨᠠᠷ ᠲᠡᠷᠢᠭᠦᠯᠡᠭᠴᠢ ᠶᠢᠨ ᠲᠠᠶᠢᠰᠠᠨ ᠲᠡᠭᠡᠷ᠎ᠡ ᠪᠠᠶᠢᠭ᠎ᠠ ᠨᠢ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ       ᠠᠷᠠᠳ ᠤᠨ ᠶᠡᠭᠡ ᠬᠤᠷᠠᠯ ᠤᠨ ᠲᠠᠩᠭᠢᠮ ᠰᠦᠷ ᠵᠢᠪᠬᠤᠯᠠᠩᠳᠠᠢ ᠪᠦᠬᠡᠳ ᠳᠦᠪ ᠶᠡᠬᠡᠮᠰᠦᠭ ᠪᠠᠶᠢᠵᠤ᠂ ᠲᠦᠮᠡᠨ ᠬᠦᠮᠦᠨ ᠤ ᠶᠣᠰᠣᠯᠠᠯ ᠤᠨ ᠲᠠᠩᠭᠢᠮ ᠳᠤ ᠪᠠᠶᠠᠷ ᠬᠦᠷ ᠢᠶᠠᠷ ᠪᠢᠯᠬᠠᠵᠥ ᠪᠠᠶᠢᠯ᠎ᠠ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ︾ ᠭᠡᠬᠦ ᠬᠤᠷᠠᠯ ᠤᠨ ᠲᠡᠮᠳᠡᠭ ᠢ ᠡᠯᠭᠦᠵᠦ᠂ ᠠᠷᠤ ᠶᠢᠨ ᠬᠦᠰᠢᠭᠡ ᠶᠢᠨ ᠭᠤᠣᠯ ᠳᠤᠮᠳᠠ ᠨᠢ ᠠᠯᠤᠬ᠎ᠠ ᠬᠠᠳᠤᠭᠤᠷ ᠢᠶᠠᠷ ᠪᠦᠷᠢᠯᠳᠦᠭᠰᠡᠨ ᠨᠠᠮ ᠤᠨ ᠰᠦᠯᠳᠡ ᠶᠢ ᠡᠯᠭᠦᠵᠦ᠂ 10 ᠤᠯᠠᠭᠠᠨ ᠲᠤᠭ ᠢ ᠬᠤᠶᠠᠷ ᠲᠠᠯ᠎ᠠ ᠪᠠᠷ ᠨᠢ ᠵᠢᠬᠰᠠᠭᠠᠨ ᠳᠠᠯᠪᠢᠵᠠᠢ᠃ ᠬᠤᠶᠠᠳᠤᠭᠠᠷ ᠳᠠᠪᠬᠤᠷᠯᠢᠭ ᠪᠠ ᠭᠤᠷᠪᠠᠳᠤᠭᠠᠷ ᠳᠠᠪᠬᠤᠷᠯᠢᠭ ᠤᠨ ᠪᠠᠷᠠᠯᠠᠬᠤ ᠲᠠᠶᠢᠰᠠᠨ ᠳᠡᠭᠡᠷ᠎ᠡ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠭᠤᠤ ᠶᠡᠭᠡ ᠨᠠᠮ ᠪᠠᠶᠢᠭᠤᠯᠤᠬᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠵᠢᠷᠦᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠰᠦᠭᠡᠢ︕︾᠂ ︽ᠠᠭᠤᠤ ᠶᠡᠭᠡ᠂ ᠢᠷᠠᠭᠤ ᠠᠯᠳᠠᠷ ᠲᠠᠢ᠂ ᠵᠥᠪ ᠣᠨᠣᠪᠴᠢᠲᠠᠢ ᠳᠤᠮᠳᠠᠳᠤ ᠤᠯᠤᠰ ᠤᠨ ᠡᠪ ᠬᠠᠮᠲᠤ ᠨᠠᠮ ᠮᠠᠨᠳᠤᠲᠤᠭᠠᠢ︕︾ ᠭᠡᠬᠦ ᠬᠥᠨᠳᠡᠯᠡᠨ ᠪᠢᠴᠢᠭᠡᠰᠦ ᠶᠢ ᠲᠤᠰ ᠲᠤᠰ ᠡᠯᠬᠦᠵᠡᠢ᠃    ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠭᠰᠠᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠺᠤᠮᠢᠰ ᠤᠨ ᠪᠦᠷᠢᠯᠳᠦᠬᠦᠨ ᠳᠤ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠣᠣ ᠯᠧ ᠵᠢᠶ᠂ ᠬᠠᠨ ᠵᠧᠩ᠂ ᠳ᠋ᠢᠩ ᠰᠢᠤᠸᠠᠢ ᠰᠢᠶᠠᠩ᠂ ᠸᠠᠩ ᠴᠧᠨ᠂ ᠯᠢᠦ ᠾᠧ᠂ ᠰᠢᠤᠢ ᠴᠢ ᠯᠢᠶᠠᠩ᠂ ᠰᠦᠨ ᠴᠦᠨ ᠯᠠᠨ᠂ ᠯᠢ ᠰᠢ᠂ ᠯᠢ ᠴᠢᠶᠠᠩ᠂ ᠯᠢ ᠬᠤᠩ ᠵᠥᠩ᠂ ᠶᠠᠩ ᠵᠢᠶᠧ ᡂᠢ᠂ ᠶᠠᠩ ᠰᠢᠶᠣᠣ ᠳ᠋ᠦ᠋᠂ ᠵᠠᠩ ᠶᠢᠦ ᠰᠢᠶᠠ᠂ ᠴᠧᠨ ᠰᠢ᠂ ᠴᠧᠨ ᠴᠢᠤᠸᠠᠨ ᠭᠦᠸᠧ᠂ ᠴᠧᠨ ᠮᠢᠨ ᠡᠯ᠂ ᠬᠤ᠋ ᠴᠦᠨ ᠬᠤᠸᠠ᠂ ᠭᠦᠸᠧ ᠱᠧᠩ ᠺᠦᠨ ᠂ ᠬᠤᠸᠠᠩ ᠺᠦᠨ ᠮᠢᠩ᠂ ᠼᠠᠢ ᠴᠢ᠂ ᠬᠤ᠋  ᠶᠢᠨ ᠲᠤᠤ᠂ ᠯᠢ ᠷᠦᠢ ᠬᠤᠸᠠᠨ᠂ ᠸᠧᠨ ᠵᠢᠶᠠ ᠪᠦᠦ᠂ ᠵᠢᠶᠠ ᠴᠢᠩ ᠯᠢᠨ᠂ ᠵᠠᠩ ᠳ᠋ᠧ ᠵᠢᠶᠠᠩ᠂ ᠢᠦᠶ ᠵᠧᠩ ᠱᠧᠩ᠂ ᠰᠦᠩ ᠫᠢᠩ᠂ ᠯᠢ ᠯᠠᠨ ᠴᠢᠩ᠂ ᠽᠤᠩ ᠴᠢᠩ ᠬᠤᠩ᠂ ᠡᠦ ᠭᠤᠸᠠᠨ ᠵᠧᠩ᠂ ᠯᠢ ᠴᠠᠩ ᠴᠦᠨ᠂ ᠾᠧ ᠭᠦᠸᠧ ᠴᠢᠶᠠᠩ᠂ ᠯᠢᠦ ᠶᠦᠨ ᠱᠠᠨ᠂ ᠵᠠᠩ ᠭᠤᠤ ᠯᠢ᠂ ᠶᠢᠦ ᠴᠢᠤᠸᠠᠨ᠂ ᠵᠠᠩ ᠴᠢᠩ ᠯᠢ ᠨᠠᠷ ᠪᠤᠢ᠃    ᠶᠡᠭᠡ ᠬᠤᠷᠠᠯ ᠢ ᠯᠢ ᠺᠧ ᠴᠢᠶᠠᠩ ᠡᠷᠬᠢᠯᠡᠪᠡ᠃ ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠪᠡ᠃ ᠪᠦᠬᠦᠳᠡᠬᠡᠷ ᠢᠶᠠᠨ ᠪᠣᠰᠴᠤ ᠵᠣᠭᠰᠣᠨ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ︾᠎ ᠶᠢ ᠬᠠᠩᠭᠢᠨᠠᠳᠠᠯ᠎ᠠ ᠳᠠᠭᠤᠯᠠᠪᠠ᠃ ᠳᠠᠷᠠᠭ᠎ᠠ ᠨᠢ᠂ ᠪᠦᠬᠦᠳᠡᠬᠡᠷ ᠢᠶᠠᠨ ᠮᠠᠤ ᠽᠧ ᠳ᠋ᠦᠩ᠂ ᠵᠧᠦ ᠧᠨ ᠯᠠᠢ᠂ ᠯᠢᠦ ᠱᠤᠤ ᠴᠢ᠂ ᠵᠦ ᠳ᠋ᠧ᠂ ᠳ᠋ᠧᠩ ᠰᠢᠶᠣᠣ ᠫᠢᠩ᠂ ᠴᠧᠨ ᠶᠦᠨ ᠵᠡᠷᠭᠡ ᠨᠠᠰᠤ ᠪᠠᠷᠠᠭᠰᠠᠨ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢ ᠪᠣᠯᠤᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠢ ᠨᠠᠮᠠᠨᠴᠢᠯᠠᠨ ᠭᠠᠰᠢᠭᠤᠳᠠᠪᠠ᠃    ᠯᠢ ᠺᠧ ᠴᠢᠶᠠᠩ᠂ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠪᠠᠯ ᠵᠣᠬᠢᠬᠤ ᠲᠥᠯᠥᠭᠡᠯᠡᠭᠴᠢ 2296 ᠬᠥᠮᠦᠨ ᠂ ᠣᠨᠴᠠ ᠤᠷᠢᠭᠰᠠᠨ ᠲᠥᠯᠥᠭᠡᠯᠡᠭᠴᠢ 83 ᠬᠥᠮᠦᠨ᠂ ᠨᠡᠶᠢᠲᠡ 2379 ᠬᠥᠮᠦᠨ ᠪᠤᠢ᠂ ᠡᠨᠡ ᠡᠳᠦᠷ ᠤᠨ ᠬᠤᠷᠠᠯ ᠳᠤ 2340 ᠬᠥᠮᠦᠨ ᠤᠷᠤᠯᠴᠠᠵᠠᠢ ᠭᠡᠵᠥ ᠨᠡᠶᠢᠳᠡᠯᠡᠪᠡ᠃ ᠲᠡᠷᠡ ᠶᠡᠭᠡ ᠬᠤᠷᠠᠯ ᠳᠤ ᠰᠤᠯᠠ ᠣᠷᠣᠯᠴᠠᠭᠰᠠᠨ ᠨᠠᠮ ᠤᠨ ᠭᠠᠳᠠᠨᠠᠬᠢ ᠨᠠᠶᠢᠵᠠ ᠨᠠᠷ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠡᠢ᠃    ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠡ ᠶᠢ ᠲᠦᠯᠦᠭᠡᠯᠡᠨ ᠶᠡᠭᠡ ᠬᠤᠷᠠᠯ ᠳᠤ ᠬᠢᠭᠰᠡᠨ ᠢᠯᠡᠳᠭᠡᠯ 15 ᠬᠡᠰᠡᠭ ᠲᠤ ᠬᠤᠪᠢᠶᠠᠬᠳᠠᠪᠠ᠄ ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠪᠣᠯᠤᠨ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ; ᠬᠤᠶᠠᠷ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠨᠡᠭᠡᠭᠡᠨ᠎ᠠ ; ᠭᠤᠷᠪᠠ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ ; ᠳᠥᠷᠪᠡ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠤᠨ᠎ᠠ ; ᠲᠠᠪᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠨ᠎ᠠ ; ᠵᠢᠷᠭᠤᠭ᠎ᠠ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠡᠷᠬᠡ ᠮᠡᠳᠡᠵᠥ ᠡᠵᠡᠨ ᠰᠠᠭᠤᠬᠤ ᠶᠢ ᠪᠠᠲᠤᠯᠠᠨ᠎ᠠ ; ᠲᠤᠯᠤᠭ᠎ᠠ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢᠵᠢᠯ ᠤᠨ ᠳᠤᠮᠳᠠᠳᠤ ᠤᠯᠤᠰ ᠤᠨ ᠪᠠᠶᠢᠭᠤᠯᠤᠯᠲᠠ ᠶᠢ ᠠᠬᠢᠭᠤᠯᠤᠨ᠎ᠠ ; ᠨᠠᠢᠮᠠ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠲᠤᠨ᠎ᠠ ; ᠶᠢᠰᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ ; ᠠᠷᠪᠠ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠬᠥᠮᠦᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ ; ᠠᠷᠪᠠᠨ ᠨᠢᠭᠡ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠎ᠠ ; ᠠᠷᠪᠠᠨ ᠬᠤᠶᠠᠷ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠡᠭᠦᠲᠤᠨ᠎ᠠ ; ᠠᠷᠪᠠᠨ ᠭᠤᠷᠪᠠ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠎ ᠶᠢ ᠪᠠᠷᠢᠮᠲᠠᠯᠠᠨ ᠲᠡᠭᠦᠯᠳᠡᠷᠵᠢᠭᠦᠯᠵᠦ᠂ ᠡᠬᠡ ᠤᠯᠤᠰ ᠤᠨ ᠨᠢᠭᠡᠳᠦᠯ ᠢ ᠠᠬᠢᠭᠤᠯᠤᠨ᠎ᠠ ; ᠠᠷᠪᠠᠨ ᠲᠦᠷᠪᠡ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ; ᠠᠷᠪᠠᠨ ᠲᠠᠪᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠭᠦᠨᠵᠡᠭᠡᠢ ᠠᠬᠢᠭᠤᠯᠤᠨ᠎ᠠ᠃    ᠰᠢ ᠶᠢᠨ ᠫᠢᠩ ᠢᠯᠡᠳᠬᠡᠯ ᠳᠡᠭᠡᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠲᠠᠪᠤᠨ ᠵᠢᠯ ᠳᠤ᠂ ᠨᠠᠮ ᠤᠨ ᠲᠥᠪ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠣᠯᠤᠨ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠦ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠪᠣᠯᠤᠨ ᠵᠠᠯᠭᠠᠭ᠎ᠠ ᠪᠠᠷ ᠡᠭᠦᠰᠤ᠋ᠭ᠋ᠰᠡᠨ ᠯᠤᠲᠤ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ ᠡᠷᠡᠮᠡᠬᠡᠶᠢᠯᠡᠨ ᠲᠡᠮᠡᠴᠡᠵᠥ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠲᠠᠰᠤᠷᠠᠯᠳᠠ ᠦᠭᠡᠢ ᠤᠷᠤᠭᠰᠢ ᠠᠬᠢᠭᠤᠯᠪᠠ᠃ ᠲᠠᠪᠤᠨ ᠵᠢᠯ ᠤᠨ ᠲᠤᠷᠰᠢ᠂ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠤᠷᠳᠤ ᠬᠤᠭᠤᠴᠠᠭ᠎ᠠ ᠪᠠᠷ ᠰᠢᠢᠳᠪᠦᠷᠢᠯᠡᠵᠦ ᠳᠡᠶᠢᠯᠦᠭᠡᠳᠦᠢ ᠪᠠᠶᠢᠭᠰᠠᠨ ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠯᠤᠰ ᠬᠡᠲᠦ ᠳᠤ ᠬᠤᠯᠪᠣᠭᠳᠠᠬᠤ ᠮᠠᠰᠢ ᠤᠯᠠᠨ ᠶᠡᠭᠡ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠣᠯᠬᠤ ᠶᠢ ᠠᠬᠢᠭᠤᠯᠪᠠ ᠭᠡᠵᠥ ᠵᠢᠭᠠᠵᠥ ᠭᠠᠷᠭᠠᠪᠠ᠃    ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠵᠢᠯ ᠢ ᠳ᠋ᠦᠩᠨᠡᠬᠦ ᠦᠶ᠎ᠡ ᠳᠤ ᠰᠢ ᠶᠢᠨ ᠫᠢᠩ᠂ ᠠᠷᠪᠠᠨ ᠵᠢᠯ ᠤᠨ ᠲᠤᠷᠰᠢ᠂ ᠪᠢᠳᠡ ᠨᠠᠮ ᠪᠣᠯᠣᠨ ᠠᠷᠠᠳ ᠲᠦᠮᠡᠨ ᠤ ᠦᠢᠯᠡᠰ ᠲᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠲᠡᠦᠬᠡᠲᠦ ᠠᠴᠢ ᠬᠤᠯᠪᠣᠭᠳᠠᠯ ᠲᠠᠢ ᠭᠤᠷᠪᠠᠨ ᠶᠡᠭᠡ ᠶᠠᠪᠤᠳᠠᠯ ᠢ ᠥᠩᠭᠡᠷᠡᠭᠦᠯᠵᠡᠢ᠄ ᠨᠢᠭᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢ ᠤᠭᠲᠤᠨ ᠠᠪᠴᠢᠷᠠᠪᠠ᠂ ᠬᠤᠶᠠᠷ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠪᠠ᠂ ᠭᠤᠷᠪᠠ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠡᠦᠬᠡᠲᠦ ᠡᠭᠦᠷᠭᠡ ᠶᠢ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠪᠡ᠃ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠪᠦᠯᠬᠦᠮᠳᠡᠨ ᠲᠡᠮᠡᠴᠡᠵᠦ ᠣᠯᠣᠭᠰᠠᠨ ᠲᠡᠦᠬᠡᠲᠦ ᠴᠢᠨᠠᠷᠲᠠᠢ ᠢᠯᠠᠯᠲᠠ ᠮᠥᠨ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠬᠠᠭᠤᠳᠠᠰᠤ ᠶᠢ ᠭᠡᠶᠢᠭᠦᠯᠦᠭᠰᠡᠨ ᠲᠡᠦᠬᠡᠲᠦ ᠴᠢᠨᠠᠷᠲᠠᠢ ᠢᠯᠠᠯᠲᠠ ᠮᠥᠨ᠂ ᠪᠠᠰᠠ ᠴᠦ ᠳᠡᠯᠡᠬᠡᠢ ᠳ᠋ᠠᠬᠢᠨ ᠳᠤ ᠠᠯᠤᠰ ᠬᠡᠲᠦ ᠶᠢᠨ ᠨᠥᠯᠥᠭᠡ ᠲᠠᠢ ᠲᠡᠦᠬᠡᠲᠦ ᠴᠢᠨᠠᠷᠲᠠᠢ ᠢᠯᠠᠯᠲᠠ ᠮᠥᠨ ᠬᠡᠵᠦ ᠵᠢᠭᠠᠵᠦ ᠭᠠᠷᠭᠠᠪᠠ᠃    ᠰᠢ ᠶᠢᠨ ᠫᠢᠩ᠂ ᠠᠷᠪᠠᠨ ᠵᠢᠯ ᠤᠨ ᠲᠤᠷᠰᠢ ᠨᠠᠮ ᠪᠣᠯᠣᠨ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠮᠠᠨ ᠤ ᠤᠯᠤᠰ ᠤᠨ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠣᠷᠣᠬᠤ ᠶᠢ ᠠᠬᠢᠭᠤᠯᠪᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠭᠦᠳᠦᠨ ᠪᠠᠶᠢᠭᠤᠯᠵᠤ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠢᠨᠡᠭᠡᠯᠢᠭ ᠨᠡᠶᠢᠭᠡᠮ ᠭᠡᠬᠦ ᠡᠨᠡ ᠬᠦ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠬᠦᠰᠡᠯ ᠵᠡᠭᠦᠳᠦ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨᠵᠢᠯᠡᠬᠦ ᠤᠬᠠᠭᠠᠨᠴᠢ ᠪᠦᠷᠢᠨ ᠪᠦᠲᠦᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠳᠤᠷᠠᠳᠬᠠᠬᠤ ᠶᠢᠨ ᠬᠠᠮᠲᠤ ᠲᠤᠭᠤᠰᠢᠯᠠᠭᠤᠯᠵᠤ᠂ ᠯᠤᠲᠤ ᠶᠡᠭᠡ ᠤᠯᠤᠰ ᠲᠥᠷᠥ ᠶᠢᠨ ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠦ᠂ ᠮᠠᠷᠺᠰ ᠤᠨ ᠦᠵᠡᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠵᠢᠯᠤᠭᠤᠳᠬᠤ ᠪᠠᠶᠢᠷᠢ ᠰᠠᠭᠤᠷᠢ ᠶᠢᠨ ᠦᠨᠳᠦᠰᠦᠨ ᠪᠠᠶᠢᠭᠤᠯᠤᠯ ᠢ ᠲᠣᠭᠲᠠᠭᠠᠨ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠲᠣᠭᠲᠠᠭᠠᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠬᠦᠯᠬᠦ︾ ᠦᠢᠯᠡᠳᠦᠯᠭᠡ ᠶᠢ ᠪᠦᠬᠦ ᠲᠠᠯ᠎ᠠ ᠪᠠᠷ ᠣᠨᠣᠪᠴᠢᠲᠠᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠪᠠ᠃ ᠡᠭᠦᠨ ᠤ ᠵᠡᠷᠭᠡ ᠪᠠᠷ᠂ ᠮᠠᠨ ᠤ ᠠᠵᠢᠯ ᠳᠤ ᠪᠠᠰᠠ ᠡᠳᠦᠢ ᠲᠡᠳᠦᠢ ᠬᠦᠷᠦᠯᠴᠡᠬᠦ ᠦᠭᠡᠢ ᠲᠠᠯ᠎ᠠ ᠣᠷᠣᠰᠢᠵᠤ᠂ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠡᠷᠬᠡᠪᠰᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ ᠬᠡᠵᠦ ᠬᠡᠯᠡᠪᠡ᠃    ᠰᠢ ᠶᠢᠨ ᠫᠢᠩ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠨᠢ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠳᠤ ᠬᠥᠰᠢᠶ᠎ᠡ ᠳᠤᠷᠠᠰᠬᠠᠯ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ᠃ ᠵᠠᠭᠤᠨ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠦᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠬᠤᠪᠢᠰᠬᠠᠯ ᠤᠨ ᠴᠢᠨᠠᠷᠲᠠᠢ ᠳᠠᠪᠲᠠᠯᠲᠠ ᠳᠤᠮᠳᠠ ᠨᠡᠩ ᠪᠠᠲᠤ ᠴᠢᠩᠭ᠎ᠠ ᠬᠦᠴᠦᠨ ᠲᠠᠢ ᠪᠣᠯᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ ᠶᠠᠪᠤᠴᠠ ᠳᠤ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠵᠠᠢ᠃ ᠳᠤᠮᠳᠠᠳᠤ ᠤᠯᠤᠰ ᠤᠨ ᠠᠷᠠᠳ ᠲᠦᠮᠡᠨ ᠤ ᠤᠷᠤᠭᠰᠢᠯᠠᠯᠲᠠ ᠶᠢᠨ ᠬᠥᠳᠡᠯᠭᠡᠭᠦ ᠬᠦᠴᠦᠨ ᠨᠡᠩ ᠬᠦᠴᠦᠷᠬᠡᠭᠵᠢᠵᠦ᠂ ᠲᠡᠮᠡᠴᠡᠯ ᠤᠨ ᠵᠣᠷᠢᠭ ᠰᠠᠨᠠᠭ᠎ᠠ ᠨᠡᠩ ᠪᠠᠳᠠᠷᠠᠨ᠂ ᠵᠠᠪᠠᠯ ᠢᠯᠠᠬᠤ ᠢᠲᠡᠭᠡᠯ ᠵᠣᠷᠢᠭ ᠨᠡᠩ ᠪᠠᠲᠤᠵᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠳᠤᠮᠳᠠᠳᠤ ᠶᠢᠨ ᠦᠨᠳᠦᠰᠦᠲᠡᠨ ᠤ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠢᠲᠡᠭᠡᠯ ᠲᠡᠭᠦᠯᠳᠡᠷ ᠢᠶᠠᠷ ᠠᠬᠢᠭᠤᠯᠵᠤ ᠪᠠᠶᠢᠨ᠎ᠠ ᠬᠡᠵᠦ ᠵᠢᠭᠠᠵᠦ ᠭᠠᠷᠭᠠᠪᠠ᠃    ᠰᠢ ᠶᠢᠨ ᠫᠢᠩ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠬᠦ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ᠃ ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠡᠭᠦᠳᠦᠯᠲᠡ ᠶᠢ ᠦᠷᠭᠦᠯᠵᠢᠯᠡᠨ ᠠᠬᠢᠭᠤᠯᠬᠤ ᠳᠤ᠂ ᠡᠩ ᠲᠡᠷᠢᠭᠦᠨ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠣᠯᠣᠨ ᠠᠷᠭ᠎ᠠ ᠶᠢᠨ ᠤᠨᠤᠯ ᠢ ᠰᠠᠶᠢᠲᠤᠷ ᠡᠵᠡᠮᠳᠡᠵᠦ᠂ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠢᠲᠡᠭᠡᠯ ᠲᠡᠭᠦᠯᠲᠡᠷ ᠢᠶᠠᠷ ᠪᠡᠶ᠎ᠡ ᠪᠠᠨ ᠳᠠᠭᠠᠭᠠᠬᠤ ᠶᠢ ᠪᠠᠷᠢᠮᠲᠠᠯᠠᠵᠤ᠂ ᠲᠥᠪ ᠶᠤᠰᠤ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ ᠶᠢ ᠪᠠᠷᠢᠮᠲᠠᠯᠠᠬᠤ ᠬᠡᠷᠡᠭᠲᠡᠢ ᠬᠡᠵᠦ ᠴᠢᠬᠤᠯᠠᠴᠢᠯᠠᠪᠠ᠃    ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ ᠶᠢᠨ ᠲᠤᠬᠠᠢ ᠶᠠᠷᠢᠬᠤ ᠳᠠᠭᠠᠨ ᠰᠢ ᠶᠢᠨ ᠫᠢᠩ᠂ ᠤᠳᠤ ᠠᠴᠠ ᠡᠬᠢᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮᠲᠦ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠠᠪᠤᠳᠠᠯ ᠪᠣᠯᠣᠨ᠎ᠠ᠃ ᠤᠷᠤᠭᠰᠢᠯᠠᠯᠲᠠ ᠶᠢᠨ ᠵᠠᠮ ᠳᠡᠭᠡᠷ᠎ᠡ ᠡᠷᠬᠡᠪᠰᠢ ᠴᠢᠬᠤᠯᠠ ᠶᠡᠭᠡ ᠵᠠᠷᠴᠢᠮ ᠢ ᠪᠠᠲᠤ ᠡᠵᠡᠮᠳᠡᠬᠦ ᠬᠡᠷᠡᠭᠲᠡᠢ᠄ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠢᠨ᠎ᠡ ᠬᠥᠭᠵᠢᠯᠲᠡ ᠶᠢᠨ ᠣᠢᠯᠠᠭᠠᠭᠳᠠᠬᠤᠨ ᠢ ᠡᠷᠬᠡᠪᠰᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠨ᠂ ᠥᠨᠳᠥᠷ ᠲᠦᠪᠰᠢᠨ ᠪᠦᠬᠦᠢ ᠭᠠᠳᠠᠭᠠᠲᠦ ᠨᠡᠭᠡᠭᠡᠯᠲᠡ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠬᠤᠣᠰ ᠣᠷᠴᠢᠯ ᠬᠠᠷᠢᠯᠴᠠᠨ ᠠᠬᠢᠭᠤᠯᠤᠯᠴᠠᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠤᠶ ᠪᠣᠯᠭᠠᠬᠤ ᠬᠡᠷᠡᠭᠲᠡᠢ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃    ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠭᠦ ᠬᠦᠴᠦᠨ ᠪᠣᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠰᠢᠨ᠎ᠡ ᠳᠠᠪᠠᠭᠤᠯᠢᠭ ᠢ ᠳᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠢ᠃ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠬᠦᠳᠡᠯᠭᠡᠭᠦᠷ ᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ ᠬᠡᠵᠦ ᠵᠢᠭᠠᠵᠤ ᠭᠠᠷᠭᠠᠪᠠ᠃    ᠰᠢ ᠶᠢᠨ ᠫᠢᠩ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠬᠡᠳᠬᠡᠬᠦ ᠶᠢ ᠪᠠᠷᠢᠮᠲᠠᠯᠠᠬᠤ ᠬᠡᠷᠡᠭᠲᠡᠢ᠃ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠵᠥᠪᠯᠡᠬᠦ ᠠᠷᠠᠳᠴᠢᠯᠠᠯ ᠢ ᠪᠦᠬᠦ ᠲᠠᠯ᠎ᠠ ᠪᠠᠷ ᠬᠥᠭᠵᠢᠭᠦᠯᠵᠦ᠂ ᠦᠨᠳᠦᠰᠦᠨ ᠱᠠᠲᠤᠨ ᠤ ᠠᠷᠠᠳᠴᠢᠯᠠᠯ ᠢ ᠢᠳᠡᠪᠬᠢᠲᠡᠢ ᠬᠥᠭᠵᠢᠭᠦᠯᠵᠦ᠂ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠬᠡᠵᠦ ᠬᠡᠯᠡᠪᠡ᠃    ᠰᠢ ᠶᠢᠨ ᠫᠢᠩ᠂ ᠡᠷᠬᠡᠪᠰᠢ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠲᠦ ᠳᠤ ᠠᠰᠢᠭᠲᠠᠢ ᠪᠠᠶᠢᠯᠭᠠᠬᠤ ᠬᠠᠤᠯᠢᠵᠢᠯ ᠤᠨ ᠪᠠᠲᠤᠯᠠᠭ᠎ᠠ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠬᠠᠤᠯᠢᠵᠢᠯ ᠤᠨ ᠵᠠᠮ ᠢᠶᠠᠷ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ ᠦᠨᠳᠦᠰᠦᠨ ᠬᠠᠤᠯᠢ ᠪᠠᠷ ᠭᠤᠣᠯ ᠪᠤᠯᠭᠠᠭᠰᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠴᠢᠩᠳᠠᠯᠠᠵᠤ᠂ ᠬᠠᠤᠯᠢᠵᠢᠯ ᠤᠨ ᠨᠡᠶᠢᠭᠡᠮ ᠢ ᠲᠦᠷᠭᠡᠳᠭᠡᠨ ᠪᠠᠶᠢᠭᠤᠯᠬᠤ ᠬᠡᠷᠡᠭᠲᠡᠢ ᠬᠡᠵᠦ ᠵᠢᠭᠠᠵᠤ ᠭᠠᠷᠭᠠᠪᠠ᠃    ᠰᠢ ᠶᠢᠨ ᠫᠢᠩ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠪᠦᠬᠦᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠠᠶᠢᠭᠤᠯᠵᠤ᠂ ᠨᠡᠶᠢᠭᠡᠮ ᠵᠢᠷᠤᠮ ᠤᠨ ᠭᠤᠣᠯᠯᠠᠬᠴᠢ ᠥᠷᠲᠡᠭ ᠤᠨ ᠦᠵᠡᠯᠲᠡ ᠶᠢ ᠥᠷᠭᠡᠨ ᠲᠠᠯᠬᠡᠷ ᠦᠢᠯᠡᠳᠦᠯᠭᠡᠵᠢᠭᠦᠯᠵᠤ᠂ ᠪᠥᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠵᠦ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠳᠤᠮᠳᠠᠳᠤ ᠶᠢᠨ ᠪᠣᠯᠪᠠᠰᠤᠨ ᠤ ᠲᠠᠮᠵᠢᠭᠤᠯᠬᠤ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠷᠠᠭᠤᠯᠤᠨ᠎ᠠ ᠬᠡᠵᠦ ᠢᠯᠡᠷᠬᠡᠶᠢᠯᠡᠪᠡ᠃    ᠰᠢ ᠶᠢᠨ ᠫᠢᠩ᠂ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠨ᠂ ᠰᠠᠶᠢᠲᠤᠷ ᠬᠥᠭᠵᠢᠭᠦᠯᠵᠦ᠂ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠴᠢᠩᠭ᠎ᠠ ᠠᠳᠬᠤᠵᠤ᠂ ᠪᠦᠬᠦ ᠬᠦᠴᠦ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠬᠤ ᠬᠡᠷᠡᠭᠲᠡᠢ᠃ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠳᠠᠢ ᠬᠡᠵᠦ ᠵᠢᠭᠠᠵᠤ ᠭᠠᠷᠭᠠᠪᠠ᠃    ᠰᠢ ᠶᠢᠨ ᠫᠢᠩ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠡᠷᠬᠡᠪᠰᠢ ᠪᠠᠲᠤ ᠪᠠᠬᠢ ᠪᠣᠶ ᠪᠣᠯᠭᠠᠨ ᠦᠢᠯᠡᠳᠦᠯᠭᠡᠵᠢᠭᠦᠯᠵᠦ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠥᠨᠳᠥᠷᠴᠡ ᠠᠴᠠ ᠬᠥᠭᠵᠢᠯᠲᠡ ᠶᠢ ᠰᠦᠪᠡᠭᠴᠢᠯᠡᠬᠦ ᠬᠡᠷᠡᠭᠲᠡᠢ᠃ ᠬᠥᠭᠵᠢᠯᠲᠡ ᠶᠢᠨ ᠠᠷᠭ᠎ᠠ ᠬᠡᠯᠪᠡᠷᠢ ᠶᠢ ᠪᠣᠬᠢᠷᠳᠤᠯ ᠦᠭᠡᠢ ᠬᠦᠭᠵᠢᠯᠳᠠ ᠲᠡᠶᠢᠰᠢ ᠬᠤᠪᠢᠷᠠᠭᠤᠯᠬᠤ ᠶᠢ ᠲᠦᠷᠭᠡᠳᠬᠡᠨ᠂ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠲᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠦᠬᠡᠳ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃    ᠰᠢ ᠶᠢᠨ ᠫᠢᠩ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠨᠠᠮ ᠪᠣᠯᠣᠨ ᠤᠯᠤᠰ ᠤᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠴᠢᠩᠭᠠᠳᠬᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠬᠡᠵᠦ ᠲᠤᠷᠠᠳᠴᠠᠢ᠃    ᠰᠢ ᠶᠢᠨ ᠫᠢᠩ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠠᠷᠠᠳ ᠤᠨ ᠴᠡᠷᠢᠭ ᠠᠩᠭᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠭᠢ ᠪᠣᠯᠭᠠᠨ ᠪᠦᠲᠦᠭᠡᠨ ᠪᠠᠶᠢᠭᠤᠯᠬᠤ ᠶᠢ ᠲᠦᠷᠭᠡᠳᠬᠡᠬᠦ ᠪᠣᠯ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠮᠥᠨ᠃ ᠴᠡᠷᠢᠭ ᠢ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠂ ᠨᠢᠭᠡ ᠴᠣᠭᠴᠠᠵᠢᠭᠤᠯᠤᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠤᠨ᠎ᠠ ᠬᠡᠵᠦ ᠢᠯᠡᠷᠬᠡᠢᠯᠡᠪᠡ᠃    ᠰᠢ ᠶᠢᠨ ᠫᠢᠩ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠡᠭᠦᠳᠦᠯᠲᠡ ᠮᠥᠨ᠂ ᠰᠢᠶᠠᠩᠭᠠᠩ᠂ ᠣᠣᠮᠧᠨ ᠡᠬᠡ ᠤᠯᠤᠰ ᠲᠠᠭᠠᠨ ᠪᠤᠴᠠᠵᠤ ᠢᠷᠡᠭᠰᠡᠨ ᠤ ᠳᠠᠷᠠᠭᠠᠬᠢ ᠣᠷᠳᠣ ᠬᠤᠭᠤᠴᠠᠭᠠᠨ ᠤ ᠬᠥᠭᠵᠢᠯ ᠴᠡᠴᠡᠭᠯᠡᠯ ᠪᠠ ᠲᠣᠭᠲᠠᠭᠤᠨ ᠪᠠᠶᠢᠳᠠᠯ ᠢ ᠪᠠᠲᠤᠯᠠᠬᠤ ᠬᠠᠮᠤᠭ ᠤᠨ ᠰᠠᠶᠢᠨ ᠳᠦᠷᠢᠮ ᠤᠨ ᠲᠣᠬᠢᠷᠠᠭᠤᠯᠤᠯᠲᠠ ᠮᠥᠨ᠂ ᠡᠷᠬᠡᠪᠰᠢ ᠣᠷᠳᠣ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠬᠠᠤᠯᠢ ᠪᠠᠷ ᠰᠢᠶᠠᠩᠭᠠᠩ ᠢ ᠵᠠᠰᠠᠬᠤ ᠬᠠᠤᠯᠢ ᠪᠠᠷ ᠣᠣᠮᠧᠨ ᠢ ᠵᠠᠰᠠᠬᠤ ᠶᠢ ᠪᠠᠷᠢᠮᠲᠠᠯᠠᠵᠤ᠂ ᠲᠥᠪ ᠤᠨ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ︽ᠡᠬᠡ ᠤᠷᠤᠨᠴᠢ ᠬᠦᠮᠦᠰ ᠢᠶᠠᠷ ᠰᠢᠶᠠᠩᠭᠠᠩ ᠢ ᠵᠠᠰᠠᠭᠤᠯᠬᠤ︾᠂ ︽ᠡᠬᠡ ᠤᠷᠤᠨᠴᠢ ᠬᠦᠮᠦᠰ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠵᠤ᠂ ᠰᠢᠶᠠᠩᠭᠠᠩ᠂ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠠᠭᠤᠰᠤᠯᠴᠠᠬᠤ ᠶᠢ ᠲᠡᠮᠵᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠢᠯᠡᠳᠤᠯ ᠢ ᠨᠢ ᠨᠡᠩ ᠰᠠᠶᠢᠲᠤᠷ ᠪᠠᠳᠠᠷᠠᠭᠤᠯᠬᠤ ᠬᠡᠷᠡᠭᠳᠠᠢ᠃ ᠬᠠᠮᠤᠭ ᠤᠨ ᠶᠡᠭᠡ ᠦᠨᠡᠨᠴᠢ ᠰᠡᠳᠬᠢᠯ ᠢᠶᠠᠷ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠨᠠᠶᠢᠷᠠᠮᠳᠠᠯ ᠢᠶᠠᠷ ᠨᠢᠭᠡᠳᠬᠡᠬᠦ ᠢᠷᠡᠭᠡᠳᠦᠢ ᠶᠢ ᠲᠡᠮᠡᠴᠡᠨ ᠣᠯᠬᠤ ᠶᠢ ᠪᠠᠷᠢᠮᠲᠠᠯᠠᠨ᠎ᠠ᠂ ᠭᠡᠪᠡᠴᠦ ᠠᠯᠢᠪᠠ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠰᠣᠩᠭᠤᠯᠲᠠ ᠪᠠᠨ ᠦᠯᠡᠳᠡᠬᠡᠨ᠎ᠠ᠃ ᠡᠬᠡ ᠤᠯᠤᠰ ᠤᠨ ᠪᠦᠷᠢᠨ ᠨᠢᠭᠡᠳᠦᠯ ᠢ ᠵᠠᠪᠠᠯ ᠪᠡᠶᠡᠯᠡᠭᠦᠯᠬᠦ ᠪᠥᠭᠡᠳ ᠯᠠᠪᠲᠠᠢ ᠪᠡᠶᠡᠯᠡᠭᠦᠯᠵᠦ ᠴᠢᠳᠠᠨ᠎ᠠ︕ ᠭᠡᠵᠦ ᠴᠢᠬᠤᠯᠠᠴᠢᠯᠠᠪᠠ᠃    ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠠᠷᠭ᠎ᠠ ᠬᠡᠯᠪᠡᠷᠢ ᠪᠠᠷ ᠶᠠᠪᠤᠭᠳᠠᠵᠤ ᠪᠠᠶᠢᠨ᠎ᠠ᠃ ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠰᠠᠭᠤᠷᠢᠨ ᠳᠡᠭᠡᠷ᠎ᠡ ᠡᠯ᠎ᠡ ᠤᠯᠤᠰ ᠯᠤᠭ᠎ᠠ ᠨᠥᠬᠦᠷᠰᠡᠭ ᠬᠠᠮᠲᠤᠷᠠᠯᠴᠠᠭ᠎ᠠ ᠪᠠᠨ ᠬᠥᠭᠵᠢᠭᠦᠯᠬᠦ ᠶᠢ ᠪᠠᠷᠢᠮᠲᠠᠯᠠᠵᠤ᠂ ᠭᠠᠳᠠᠭᠰᠢ ᠨᠡᠭᠡᠭᠡᠯᠲᠡ ᠬᠢᠬᠦ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠨ᠎ᠠ᠂ ᠳᠤᠮᠳᠠᠳᠤ ᠤᠯᠤᠰ ᠤᠨ ᠠᠷᠠᠳ ᠲᠦᠮᠡᠨ ᠳᠤᠷᠠᠲᠠᠶ᠎ᠠ ᠳᠡᠯᠡᠬᠡᠢ ᠶᠢᠨ ᠠᠷᠠᠳ ᠲᠦᠮᠡᠨ ᠲᠠᠢ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠡᠭᠦᠳᠦᠨ᠎ᠠ︕ ᠬᠡᠵᠦ ᠢᠯᠡᠷᠬᠡᠶᠢᠯᠡᠪᠡ᠃    ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ᠂ ᠨᠠᠮ ᠤᠨ ᠥᠪᠡᠷ ᠤᠨ ᠪᠡᠶ᠎ᠡ ᠳᠡᠭᠡᠨ ᠬᠢᠬᠦ ᠬᠤᠪᠢᠰᠬᠠᠯ ᠡᠭᠦᠷᠢᠳᠡ ᠵᠣᠭᠰᠣᠰᠢ ᠦᠭᠡᠢ ᠶᠤᠮ᠂ ᠶᠠᠭᠠᠬᠢᠭᠰᠠᠨ ᠴᠦ ᠬᠦᠴᠦ ᠪᠠᠨ ᠰᠤᠯᠠᠷᠠᠭᠤᠯᠵᠤ ᠬᠦᠯ ᠢᠶᠠᠨ ᠠᠮᠠᠷᠠᠭᠤᠯᠬᠤ᠂ ᠵᠦᠳᠡᠷᠡᠯ᠎ᠠ ᠬᠡᠮᠡᠨ ᠬᠠᠯᠠᠰᠢᠷᠠᠬᠤ ᠪᠤᠳᠤᠯ ᠲᠠᠢ ᠪᠠᠶᠢᠵᠤ ᠪᠣᠯᠬᠤ ᠦᠭᠡᠢ᠂ ᠡᠷᠬᠡᠪᠰᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠠᠮ ᠤᠨ ᠥᠪᠡᠷ ᠤᠨ ᠪᠡᠶ᠎ᠡ ᠳᠡᠭᠡᠨ ᠬᠢᠬᠦ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠬᠡᠷᠡᠭᠲᠡᠢ ᠭᠡᠳᠡᠭ ᠢ ᠪᠦᠬᠦ ᠨᠠᠮ ᠢᠶᠠᠷ ᠢᠶᠠᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ ᠬᠡᠵᠦ ᠵᠢᠭᠠᠵᠤ ᠭᠠᠷᠭᠠᠪᠠ᠃    ᠲᠡᠷᠡ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠦᠷᠢᠮ ᠤᠨ ᠵᠢᠷᠤᠮᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠥᠨᠳᠥᠷ ᠬᠡᠪ ᠪᠣᠯᠪᠠᠰᠤᠷᠠᠯ ᠪᠦᠬᠦᠢ ᠺᠠᠳ᠋ᠷ ᠤᠨ ᠡᠩᠨᠡᠭᠡ ᠶᠢ ᠪᠠᠶᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠴᠢᠩᠭᠠᠳᠬᠠᠵᠤ᠂ ᠴᠢᠩᠭ᠎ᠠ ᠪᠠᠶᠢᠬᠤ ᠬᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠪᠠᠷᠢᠮᠲᠠᠯᠠᠵᠤ᠂ ᠢᠯᠵᠠᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠨᠠᠮ ᠠᠭᠤᠤ ᠶᠡᠭᠡ ᠲᠡᠮᠡᠴᠡᠯ ᠢᠶᠠᠷ ᠢᠶᠠᠨ ᠵᠠᠭᠤᠨ ᠵᠢᠯ ᠤᠨ ᠠᠭᠤᠤ ᠶᠡᠭᠡ ᠦᠢᠯᠡᠰ ᠢ ᠡᠭᠦᠳᠦᠨ ᠪᠦᠲᠦᠭᠡᠭᠰᠡᠨ ᠶᠤᠮ᠂ ᠰᠢᠨ᠎ᠡ ᠠᠭᠤᠤ ᠶᠡᠭᠡ ᠲᠡᠮᠡᠴᠡᠯ ᠢᠶᠠᠷ ᠢᠶᠠᠨ ᠰᠢᠨ᠎ᠡ ᠠᠭᠤᠤ ᠶᠡᠭᠡ ᠦᠢᠯᠡᠰ ᠢ ᠡᠭᠦᠳᠦᠨ ᠪᠦᠲᠦᠭᠡᠵᠦ ᠴᠢᠳᠠᠬᠤ ᠨᠢ ᠯᠠᠪᠳᠠᠢ ᠶᠤᠮ ᠬᠡᠵᠦ ᠵᠢᠭᠠᠵᠤ ᠭᠠᠷᠭᠠᠪᠠ᠃    ᠰᠢ ᠶᠢᠨ ᠫᠢᠩ ᠢᠯᠡᠳᠬᠡᠯ ᠬᠢᠬᠦ ᠶᠠᠪᠤᠴᠠ ᠳᠤ ᠲᠠᠯᠠᠪᠠᠢ ᠲᠠᠶᠠᠭᠠᠷ ᠢᠶᠠᠨ ᠪᠠᠶᠢᠨ ᠳᠠᠬᠢᠨ ᠬᠠᠯᠠᠭᠤᠨ ᠢᠶᠠᠷ ᠠᠯᠠᠭ᠎ᠠ ᠳᠠᠰᠢᠵᠠᠭᠠᠵᠤ ᠪᠠᠶᠢᠯ᠎ᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠳᠤᠰᠢᠶᠠᠯ ᠢ ᠬᠠᠷᠢᠭᠤᠴᠠᠵᠤ ᠪᠠᠶᠢᠭ᠎ᠠ ᠪᠠ ᠬᠠᠷᠢᠭᠤᠴᠠᠵᠤ ᠪᠠᠶᠢᠭᠰᠠᠨ ᠨᠠᠮ ᠤᠨ ᠭᠠᠳᠠᠨᠠᠬᠢ ᠬᠥᠮᠥᠰ᠂ ᠪᠡᠭᠡᠵᠢᠩ ᠳᠤ ᠪᠠᠶᠢᠭ᠎ᠠ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠳᠡᠳ᠋ ᠲᠡᠷᠢᠭᠦᠯᠡᠭᠴᠢ᠂ ᠨᠠᠮ ᠪᠦᠯᠦᠭ ᠤᠨ ᠪᠤᠰᠤ ᠲᠥᠯᠥᠭᠡᠯᠡᠭᠴᠢ ᠬᠥᠮᠥᠰ᠂ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠬᠥᠮᠥᠰ᠂ ᠪᠡᠭᠡᠵᠢᠩ ᠳᠤ ᠪᠠᠶᠢᠭ᠎ᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠤᠨ ᠳᠣᠲᠣᠷᠠᠬᠢ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠥᠰ ᠪᠠ ᠦᠨᠳᠦᠰᠦᠲᠡᠨ ᠱᠠᠰᠢᠨ ᠰᠤᠷᠲᠠᠬᠤᠨ ᠤ ᠡᠲᠡᠭᠡᠳ ᠤᠨ ᠬᠥᠮᠥᠰ ᠵᠣᠴᠢᠨ ᠤ ᠬᠤᠪᠢ ᠪᠠᠷ ᠶᠡᠭᠡ ᠬᠤᠷᠠᠯ ᠳᠤ ᠰᠤᠯᠠ ᠣᠷᠣᠯᠴᠠᠪᠠ᠃ ᠨᠠᠮ ᠤᠨ ᠳᠣᠲᠣᠭᠠᠳᠤ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠶᠡᠭᠡ ᠬᠤᠷᠠᠯ ᠳᠤ ᠰᠤᠯᠠ ᠣᠷᠣᠯᠴᠠᠪᠠ᠃    ᠤᠯᠤᠰ ᠤᠨ ᠳᠤᠳᠤᠭᠠᠳᠤ ᠭᠠᠳᠠᠭᠠᠳᠤ ᠶᠢᠨ 2500 ᠰᠢᠬᠠᠮ ᠰᠤᠷᠪᠤᠯᠵᠢᠯᠠᠭᠴᠢ ᠡᠬᠢᠯᠡᠯᠳᠡ ᠶᠢᠨ ᠬᠤᠷᠠᠯ ᠤᠨ ᠦᠪᠡᠳᠡᠭᠰᠢ ᠪᠠᠶᠢᠳᠠᠯ ᠢ ᠮᠡᠳᠡᠬᠡᠯᠡᠵᠡᠢ᠃    
 
ᠢᠷᠡᠯᠲᠡ᠄ ᠦᠪᠥᠷ ᠮᠤᠩᠭᠤᠯ ᠤᠨ ᠡᠳᠥᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1