ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2022/10/28
ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ                                        ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠤᠨ ᠤ                    ᠨᠠᠮ ᠤᠨ ᠬᠤᠷᠢᠶᠠᠨ ᠤ ᠱᠦᠵᠢ   ᠰᠦᠨ ᠱᠤᠤ ᠴᠧᠩ     ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠢᠮᠠᠭᠲᠠ ᠰᠡᠳᠬᠢᠯ ᠳᠡᠭᠡᠨ ᠪᠤᠳᠤᠬᠰᠠᠭᠠᠷ ᠢᠷᠡᠵᠤ᠂ ᠤᠷᠢᠳ ᠬᠤᠵᠢᠳ 2 ᠤᠳᠠᠭ᠎ᠠ ᠥᠪᠥᠷ ᠮᠣᠩᠭᠤᠯ ᠳᠤ ᠬᠦᠷᠴᠦ ᠰᠢᠨᠵᠢᠯᠡᠨ ᠪᠠᠶᠢᠴᠠᠭᠠᠵᠤ᠂ 5 ᠵᠢᠯ ᠳᠠᠷᠠᠭᠠᠯᠠᠨ ᠪᠦᠬᠦ ᠤᠯᠤᠰ ᠤᠨ ᠬᠤᠶᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠵᠤ᠂ ᠪᠢᠳᠠᠨ ᠳᠤ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠶᠤᠰᠤᠭᠠᠷ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠴᠣᠭᠴᠠᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠶ ᠭᠡᠵᠦ ᠵᠠᠬᠢᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠭᠢᠯ ᠤᠨ ᠬᠦᠰᠡᠯ ᠨᠠᠶᠢᠳᠠᠯᠭ᠎ᠠ ᠨᠢ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠥᠭᠵᠢᠯᠲᠡ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠦᠭᠴᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠤᠯᠭᠤᠵᠠᠢ᠃ ᠠᠷᠪᠠᠨ ᠵᠢᠯ ᠤᠨ ᠲᠤᠷᠰᠢ᠂ ᠪᠥᠬᠦ ᠣᠷᠣᠨ ᠳᠠᠶᠠᠭᠠᠷ ᠢᠶᠠᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠡᠯ᠎ᠡ ᠵᠦᠶ᠋ᠯ ᠤᠨ ᠠᠵᠢᠯ ᠦᠶ᠋ᠯᠡᠰ ᠤᠨ ᠲᠡᠦᠬᠡᠲᠦ ᠴᠢᠨᠠᠷᠲᠠᠶ ᠠᠮᠵᠢᠯᠲᠠ ᠤᠯᠬᠤ ᠶᠢ ᠠᠬᠢᠭᠤᠯᠵᠤ᠂ ᠪᠥᠬᠦ ᠣᠷᠣᠨ ᠤ ᠭᠠᠵᠠᠷ ᠣᠷᠣᠨ ᠤ ᠦᠶ᠋ᠯᠡᠳᠪᠦᠷᠢᠯᠡᠯ ᠤᠨ ᠶᠡᠷᠦᠩᠬᠡᠶ ᠥᠷᠲᠡᠭ ᠰᠠᠶ᠋ᠢᠬᠠᠨ ᠲᠦᠮᠡᠨ ᠳ᠋ᠦᠩᠰᠢᠭᠤᠷ ᠲᠥᠭᠦᠷᠢᠭ ᠢ ᠲᠠᠪᠠᠭᠰᠠᠨ ᠠᠴᠠ ᠪᠠᠨ ᠨᠢᠳᠤᠨᠤᠨ ᠤ ᠵᠢᠯ ᠤᠨ ᠡᠴᠦᠰ ᠲᠤ 2 ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ ᠬᠥᠮᠦᠨ ᠳᠤᠮᠳᠠᠴᠢ ᠶᠢᠨ GDP 4.2 ᠲᠦᠮᠡᠨ ᠲᠥᠭᠦᠷᠢᠭ ᠪᠠᠶᠢᠭᠰᠠᠨ ᠠᠴᠠ ᠪᠠᠨ 8.5 ᠲᠦᠮᠡᠨ ᠲᠥᠭᠦᠷᠢᠭ ᠪᠣᠯᠤᠨ ᠨᠡᠮᠡᠭᠳᠡᠵᠦ᠂ ᠪᠥᠬᠦ ᠤᠯᠤᠰ ᠤᠨ ᠠᠷᠪᠠᠳᠤᠭᠠᠷ ᠲᠤ ᠣᠷᠣᠵᠤ᠂ ᠠᠵᠤ ᠠᠬᠤᠶ ᠶᠢᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠪᠠᠲᠤᠯᠠᠪᠠ᠃    ︽ᠤᠮᠠᠷᠠᠲᠤ ᠬᠢᠯᠢ ᠶᠢᠨ ᠨᠤᠮᠢᠨ ᠨᠤᠭᠤᠭᠠᠨ︾᠎ ᠢ ᠬᠡᠪ ᠢᠶᠠᠷ ᠨᠢ ᠪᠠᠶᠢᠯᠭᠠᠵᠤ᠂ ︽ᠳᠤᠮᠳᠠᠳᠤ ᠤᠯᠤᠰ ᠤᠨ ᠴᠡᠩᠬᠡᠷ ᠬᠥᠬᠡ︾᠎ ᠳᠤ ᠦᠡᠭᠭᠡ ᠨᠡᠮᠡᠷᠢᠯᠡᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠡᠳᠦᠷ ᠢᠷᠡᠬᠦᠶ᠎ᠡ ᠪᠠᠬᠢᠵᠢᠪᠡ    ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠶᠢᠨ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠶ᠋ᠯ ᠢᠶᠠᠷ ᠬᠠᠮᠤᠭ ᠤᠨ ᠪᠦᠷᠢᠨ ᠠᠮᠢ ᠠᠬᠤᠶ ᠶᠢᠨ ᠴᠢᠳᠠᠮᠵᠢᠲᠤ ᠣᠷᠣᠨ ᠪᠣᠯᠤᠨ᠎ᠠ᠂ ᠨᠤᠲᠤᠭ ᠪᠡᠯᠴᠢᠭᠡᠷ᠂ ᠣᠶ ᠰᠢᠭᠤᠶ᠂ ᠨᠤᠭᠤ ᠭᠠᠵᠠᠷ ᠤᠨ ᠲᠠᠯᠠᠪᠠᠶ ᠲᠣᠰ ᠲᠣᠰ ᠪᠥᠬᠦ ᠤᠯᠤᠰ ᠤᠨ 22%᠂ 12% ᠪᠠ 16%᠎ ᠶᠢ ᠡᠵᠡᠯᠡᠵᠦ᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ᠨᠢ ᠴᠥᠮ ᠪᠥᠬᠦ ᠤᠯᠤᠰ ᠤᠨ 1 / 4 ᠰᠢᠬᠠᠮ ᠢ ᠡᠵᠡᠯᠡᠵᠦ ᠪᠠᠶᠢᠨ᠎ᠠ᠃ ᠡᠨᠡ ᠬᠦ ᠨᠣᠮᠢᠨ ᠨᠣᠭᠤᠭᠠᠨ᠂ ᠬᠥᠬᠡᠮᠳᠦᠭ ᠴᠡᠩᠬᠡᠷ᠂ ᠠᠷᠢᠭᠤᠨ ᠴᠡᠪᠡᠷ ᠢ ᠰᠠᠶᠢᠲᠤᠷ ᠬᠠᠮᠠᠭᠠᠯᠠᠬᠤ ᠪᠣᠯ ᠥᠪᠥᠷ ᠮᠣᠩᠭᠤᠯ ᠤᠨ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ᠂ ᠪᠠᠰᠠ ᠴᠤ ᠥᠪᠥᠷ ᠮᠣᠩᠭᠤᠯ ᠤᠨ ᠤᠯᠤᠰ ᠣᠷᠣᠨ ᠳᠠᠭᠠᠨ ᠦᠵᠡᠭᠦᠯᠦᠭᠰᠡᠨ ᠬᠠᠮᠤᠭ ᠤᠨ ᠶᠡᠭᠡ ᠬᠤᠪᠢ ᠨᠡᠮᠡᠷᠢ ᠪᠤᠯᠤᠨ᠎ᠠ᠃ ᠪᠢᠳᠡ ᠠᠮᠢ ᠠᠬᠤᠶ ᠶᠢ ᠬᠠᠮᠠᠭᠠᠯᠠᠬᠤ᠂ ᠪᠣᠬᠢᠷᠲᠤᠯ ᠢ ᠵᠠᠰᠠᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢ ᠴᠥᠬᠦᠷᠡᠰᠢ ᠥᠬᠡᠶ ᠪᠠᠷᠢᠮᠲᠠᠯᠠᠵᠤ᠂ ᠥᠷᠭᠡᠨ ᠠᠭᠤᠳᠠᠮ ᠲᠠᠯ᠎ᠠ ᠨᠤᠲᠤᠭ ᠢ ︽ᠴᠠᠯᠢᠩ ᠲᠠᠢ ᠪᠠᠷ ᠠᠮᠠᠷᠠᠭᠤᠯᠵᠤ︾᠂ ᠬᠢᠩᠭᠠᠨ ᠲᠠᠪᠠᠭ᠎ᠠ ᠶᠢᠨ ᠣᠶ ᠰᠢᠭᠤᠶ ᠳᠤ ︽ᠰᠦᠬᠡ ᠪᠠᠨ ᠡᠯᠭᠦᠵᠤ ᠬᠢᠷᠥᠭᠡ ᠶᠢ ᠠᠮᠠᠷᠠᠭᠤᠯᠵᠤ︾᠂ ᠭᠤᠤᠯᠳᠠᠯᠭ᠎ᠠ ᠲᠠᠢ ᠡᠯᠡᠰᠦ ᠶᠢ ︽ᠵᠠᠬ᠎ᠠ ᠶᠢ ᠨᠢ ᠪᠤᠷᠠᠭᠠᠯᠠᠨ ᠵᠠᠰᠠᠵᠤ︾᠂ ᠨᠡᠶᠢᠲᠡ 1.22 ᠳ᠋ᠦᠩᠰᠢᠭᠤᠷ ᠮᠥ ᠣᠶᠢᠵᠢᠭᠤᠯᠵᠤ᠂ 2.86 ᠳ᠋ᠦᠩᠰᠢᠭᠤᠷ ᠮᠥ ᠡᠪᠡᠰᠦ ᠳᠠᠷᠢᠵᠤ᠂ ᠵᠢᠯ ᠳᠤᠮᠳᠠᠴᠢ ᠪᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠲᠠᠯᠠᠪᠠᠢ 1200 ᠲᠦᠮᠡᠨ ᠮᠤ᠋ ᠠᠴᠠ ᠳᠡᠭᠡᠭᠰᠢ ᠪᠣᠯᠵᠣ᠂ ᠬᠡᠪᠴᠢᠶ᠎ᠡ ᠨᠢ ᠴᠥᠮ ᠪᠥᠬᠦ ᠤᠯᠤᠰ ᠲᠤ ᠲᠦᠷᠦᠭᠦᠯᠡᠵᠦ᠂ ᠪᠥᠬᠦ ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠪᠠ ᠣᠶ ᠰᠢᠭᠤᠶ ᠶᠢᠨ ᠪᠦᠷᠬᠦᠴᠡ ᠲᠣᠰ ᠲᠣᠰ 40.3% ᠪᠠ 20.8% ᠪᠠᠶᠢᠭᠰᠠᠨ ᠠᠴᠠ ᠪᠠᠨ 45% ᠪᠠ 23% ᠪᠤᠯᠵᠤ ᠳᠡᠭᠡᠭᠰᠢᠯᠡᠪᠡ᠃ ᠴᠦᠯᠯᠡᠷᠭᠡᠭᠵᠢᠬᠦ ᠪᠡ ᠡᠯᠡᠰᠦᠷᠭᠡᠭᠵᠢᠭᠰᠡᠨ ᠭᠠᠵᠠᠷ ᠰᠢᠷᠦᠢ ᠶᠢᠨ ᠲᠠᠯᠠᠪᠠᠢ ᠦᠷᠬᠦᠯᠵᠢᠯᠡᠨ ᠪᠠᠭᠠᠰᠴᠤ᠂ ᠵᠢᠯ ᠪᠦᠷᠢ ᠶᠢᠨ ᠡᠯᠡᠰᠦᠨ ᠰᠢᠭᠤᠷᠭ᠎ᠠ ᠲᠠᠢ ᠡᠳᠦᠷ ᠤᠨ ᠲᠤᠭ᠎ᠠ 4.9 ᠡᠳᠦᠷ ᠪᠠᠶᠢᠬᠰᠠᠨ ᠠᠴᠠ ᠪᠠᠨ 0.6 ᠡᠳᠦᠷ ᠪᠤᠯᠵᠤ ᠪᠠᠭᠠᠰᠴᠠᠢ᠃ ᠥᠨᠥᠳᠦᠷ ᠤᠨ ᠥᠪᠥᠷ ᠮᠣᠩᠭᠤᠯ᠂ ᠮᠠᠨ ᠤ ᠤᠯᠤᠰ ᠤᠨ ᠤᠮᠠᠷᠠᠲᠤ ᠣᠷᠣᠨ ᠳᠤ ᠰᠠᠯᠬᠢ ᠡᠯᠡᠰᠦᠨ ᠤ ︽ᠬᠠᠮᠠᠭᠠᠯᠠᠯᠲᠠ ᠶᠢᠨ ᠬᠤᠪᠴᠠᠰᠤ︾᠎ ᠶᠢ ᠬᠡᠲᠦᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠪᠦᠬᠦ ᠤᠯᠤᠰ ᠤᠨ ᠠᠷᠠᠳ ᠲᠦᠮᠡᠨ ᠳᠤ ᠲᠡᠰ ᠠᠴᠠ ᠳᠠᠪᠠᠭᠰᠠᠨ ︽ᠨᠡᠭᠦᠷᠡᠰᠦᠲᠥ᠋ᠷᠥᠭᠴᠢ ᠶᠢᠨ ᠬᠥᠮᠥᠷᠭᠡ︾ ᠪᠣᠯᠤᠨ ᠠᠷᠢᠭᠤᠨ ᠴᠡᠪᠡᠷ ︽ᠬᠦᠴᠢᠯᠲᠥ᠋ᠷᠥᠭᠴᠢ ᠶᠢᠨ ᠪᠠᠭᠠᠷ︾᠎ ᠢ ᠪᠠᠶᠢᠭᠤᠯᠤᠨ ᠦᠭᠴᠦ᠂ ᠪᠡᠭᠡᠵᠢᠩ ᠲᠢᠶᠠᠨᠵᠢᠨ ᠤ ︽ᠰᠠᠯᠬᠢ ᠡᠯᠡᠰᠦᠨ ᠤ ᠡᠬᠢ︾᠎ ᠨᠢ ᠨᠡᠶᠢᠰᠯᠡᠯ ᠤᠨ ︽ᠠᠷᠤ ᠴᠡᠴᠡᠷᠯᠢᠭ︾ ᠪᠤᠯᠵᠤ ᠬᠤᠪᠢᠷᠠᠪᠠ᠃    ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠤᠳᠠᠭᠠᠨ ᠲᠠᠭᠠᠭᠠᠮᠠᠭᠠᠢ ᠦᠷᠭᠦᠯᠵᠢᠯᠡᠨ ᠬᠦᠴᠦᠯᠡᠵᠦ᠂ ᠴᠤᠴᠠᠯᠳᠠ ᠦᠬᠡᠢ ᠴᠢᠷᠮᠠᠶᠢᠬᠤ ᠬᠡᠷᠡᠭᠲᠡᠢ᠃ ᠪᠢᠳᠡ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠦᠷᠭᠦᠯᠵᠢᠯᠡᠨ ᠨᠢᠭᠡᠳᠦᠯᠲᠡᠶ ᠲᠥᠯᠥᠪᠵᠢᠭᠦᠯᠵᠦ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠯᠡᠰᠦᠷᠬᠡᠭᠵᠢᠯ ᠢ ᠵᠠᠰᠠᠬᠤ᠂ ᠬᠡᠯᠪᠡᠷᠢ ᠶᠢ ᠬᠤᠪᠢᠷᠠᠭᠤᠯᠬᠤ᠂ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠳᠡᠭᠡᠷ᠎ᠡ ᠬᠦᠴᠦ ᠲᠠᠯᠪᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ 6500 ᠲᠦᠮᠡᠨ ᠮᠥ᠂ ᠨᠤᠲᠤᠭ ᠳᠡᠪᠢᠰᠭᠡᠷ ᠤᠨ ᠨᠣᠭᠤᠭᠠᠷᠠᠭᠤᠯᠤᠯᠲᠠ 1400 ᠲᠦᠮᠡᠨ ᠮᠥ᠂ ᠮᠠᠭᠤᠳᠠᠵᠤ ᠰᠠᠶᠢᠷᠡᠭᠵᠢᠭᠰᠡᠨ ᠣᠶ ᠰᠢᠭᠤᠢ ᠶᠢᠨ ᠰᠡᠷᠭᠦᠭᠡᠯᠲᠡ 2800 ᠲᠦᠮᠡᠨ ᠮᠥ᠂ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠶᠡᠷᠦᠩᠬᠡᠶᠢᠯᠡᠨ ᠵᠠᠰᠠᠯᠲᠠ 2650 ᠲᠦᠮᠡᠨ ᠮᠥ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠪᠥᠬᠦ ᠲᠠᠯ᠎ᠠ ᠪᠠᠷ ᠠᠷᠪᠢᠯᠠᠬᠤ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠡᠯ᠎ᠡ ᠬᠦᠷᠢᠶ᠎ᠡ ᠴᠠᠷᠠᠭ᠎ᠠ ᠶᠢᠨ ᠠᠷᠪᠢᠯᠠᠨ ᠭᠠᠮᠨᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠤᠨ᠂ ᠡᠨᠧᠷᠭᠢ ᠪᠠ ᠤᠰᠤᠨ ᠤ ᠡᠬᠢ ᠪᠠᠶᠠᠯᠢᠭ ᠤᠨ ᠬᠤᠷᠣᠭᠳᠠᠯ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠵᠡᠷᠭᠡ ᠶᠢᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠬᠤᠤᠰ ᠬᠢᠵᠠᠭᠠᠷᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ 2025 ᠣᠨ ᠪᠣᠯᠬᠤ ᠳᠤ ᠪᠥᠬᠦ ᠣᠷᠣᠨ ᠤ ᠨᠢᠭᠡᠴᠢ GDP᠎ ᠶᠢᠨ ᠡᠨᠧᠷᠭᠢ ᠶᠢᠨ ᠬᠤᠷᠣᠭᠳᠠᠯ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠬᠡᠷᠡᠭᠯᠡᠬᠦ ᠲᠠᠯᠠᠪᠠᠶ᠂ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ ᠲᠣᠰ ᠲᠣᠰ 15%᠂ 17%᠂ 12%᠎ ᠢᠶᠠᠷ ᠪᠠᠭᠤᠷᠠᠭᠤᠯᠤᠨ᠎ᠠ᠃ ᠣᠳᠣᠬᠠᠨ ᠳᠤ᠂ ᠪᠢᠳᠡ ᠶᠠᠭ ᠪᠦᠬᠦ ᠣᠷᠣᠨ ᠳᠤ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ᠂ ᠰᠤᠯᠠ ᠪᠠᠶᠢᠭ᠎ᠠ ᠭᠠᠵᠠᠷ ᠰᠢᠷᠣᠢ᠂ ᠲᠤᠨᠤᠮᠠᠯ ᠪᠡᠯᠡ ᠮᠥᠩᠭᠦ᠂ ︽ᠬᠠᠭᠠᠰ ᠳᠤᠲᠠᠭᠤ ᠤᠷᠬᠢᠭᠰᠠᠨ︾ ᠪᠠᠷᠢᠯᠭ᠎ᠠ᠂ ᠨᠡᠭᠡᠭᠡᠯᠳᠠ ᠶᠢᠨ ᠲᠤᠭᠤᠷᠢᠭ ᠤᠨ ᠪᠦᠳᠦᠭᠡᠨ ᠪᠠᠶᠢᠭᠤᠯᠤᠯᠲᠠ ᠵᠡᠷᠭᠡ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠥᠷᠨᠢᠭᠦᠯᠵᠦ᠂ ᠡᠯ᠎ᠡ ᠵᠦᠢᠯ ᠤᠨ ᠰᠤᠯᠠ ᠬᠠᠶᠠᠭᠳᠠᠨ ᠪᠦᠷᠢᠯᠭᠡᠵᠦ ᠪᠠᠶᠢᠭ᠎ᠠ᠂ ᠶᠠᠰᠤ ᠴᠢᠨᠠᠷ ᠳᠣᠣᠷ᠎ᠠ ᠦᠷ᠎ᠡ ᠠᠰᠢᠭ ᠳᠣᠣᠷ᠎ᠠ ᠡᠬᠢ ᠪᠠᠶᠠᠯᠢᠭ ᠤᠨ ᠡᠯᠧᠮᠧᠨ᠋ᠲ ᠢ ᠪᠦᠬᠦ ᠲᠠᠯ᠎ᠠ ᠪᠠᠷ ᠠᠮᠢᠳᠤᠯᠢᠬᠵᠢᠭᠤᠯᠵᠤ᠂ ᠥᠨᠳᠥᠷ ᠪᠦᠲᠦᠮᠵᠢᠲᠡᠢ ᠠᠰᠢᠭᠯᠠᠬᠤ ᠪᠠᠷ ᠴᠢᠷᠮᠠᠶᠢᠵᠤ ᠪᠠᠶᠢᠨ᠎ᠠ᠃ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠮᠠᠨ ᠤ ᠤᠯᠤᠰ ᠤᠨ ᠤᠮᠠᠷᠠᠲᠤ ᠬᠢᠯᠢ ᠳᠤ ᠨᠠᠩ ᠪᠠᠲᠤ ᠪᠠᠬᠢ᠂ ᠦᠵᠡᠰᠭᠦᠯᠡᠩᠲᠦ ᠰᠠᠶᠢᠬᠠᠨ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠴᠣᠭᠴᠠᠯᠠᠨ᠎ᠠ᠃    ᠮᠢᠩᠭᠠᠨ ᠬᠤᠲᠠ ᠶᠢ ᠳᠤᠯᠠᠭᠠᠯᠠᠵᠤ᠂ ᠲᠦᠮᠡᠨ ᠡᠷᠦᠬᠡ ᠶᠢ ᠭᠡᠷᠡᠯᠲᠦᠭᠦᠯᠵᠦ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠬᠠᠷᠢᠭᠤᠴᠠᠯᠭ᠎ᠠ ᠡᠭᠦᠷᠭᠡᠯᠡᠯ ᠢ ᠭᠦᠶ᠋ᠴᠡᠳ ᠢᠯᠡᠷᠡᠭᠦᠯᠪᠡ    ᠥᠪᠥᠷ ᠮᠣᠩᠭᠤᠯ ᠤᠨ ᠨᠤᠲᠤᠭ ᠳᠡᠪᠢᠰᠭᠡᠷ ᠥᠷᠭᠡᠨ ᠠᠭᠤᠳᠠᠮ᠂ ᠡᠬᠢ ᠪᠠᠶᠠᠯᠢᠭ ᠡᠯᠪᠡᠭ᠂ ᠨᠢᠭᠡᠨᠲᠡ ᠬᠠᠶᠢᠨ ᠳᠣᠲᠣᠯᠠᠭᠰᠠᠨ ᠬᠠᠳᠠᠭᠠᠯᠠᠭᠳᠡᠴᠡ ᠶᠢᠨ ᠠᠭᠤᠷᠬᠠᠢ  ᠶᠢᠨ ᠡᠬᠢ ᠪᠠᠶᠠᠯᠢᠭ ᠤᠨ 103 ᠵᠦᠶ᠋ᠯ ᠨᠢ ᠪᠥᠬᠦ ᠤᠯᠤᠰ ᠤᠨ ᠲᠦᠷᠦᠭᠦᠦ ᠠᠷᠪᠠ ᠳᠤ ᠣᠷᠣᠵᠤ᠂ 21 ᠵᠦᠶ᠋ᠯ ᠨᠢ ᠪᠥᠬᠦ ᠤᠯᠤᠰ ᠤᠨ ᠨᠢᠬᠡᠳᠦᠬᠡᠷ ᠲᠤ ᠤᠷᠤᠵᠤ᠂ ᠡᠭᠦᠨ ᠳᠤ ᠨᠡᠭᠦᠷᠡᠰᠦᠨ ᠤ ᠬᠠᠳᠠᠭᠠᠯᠠᠭᠳᠡᠴᠡ ᠪᠠ ᠭᠠᠷᠤᠯᠲᠠ ᠨᠢ ᠴᠥᠮ ᠪᠥᠬᠦ ᠤᠯᠤᠰ ᠤᠨ 1 / 4᠎ ᠶᠢ ᠡᠵᠡᠯᠡᠵᠦ᠂ ᠰᠠᠯᠬᠢᠨ ᠤ ᠡᠨᠧᠷᠭᠢ᠂ ᠨᠡᠷᠡᠨ ᠤ ᠡᠨᠧᠷᠭᠢ ᠶᠢᠨ ᠮᠡᠷᠭᠡᠵᠢᠯ ᠢᠶᠠᠷ ᠨᠡᠭᠡᠭᠡᠨ ᠠᠰᠢᠭᠯᠠᠵᠤ ᠪᠣᠯᠬᠤ ᠬᠡᠮᠵᠢᠶ᠎ᠡ ᠨᠢ ᠲᠣᠰ ᠲᠣᠰ ᠪᠥᠬᠦ ᠤᠯᠤᠰ ᠤᠨ 57%᠂ 21%᠎ ᠶᠢ ᠡᠵᠡᠯᠡᠵᠦ᠂ ᠬᠤᠪᠣᠷ ᠰᠢᠷᠣᠶ ᠶᠢᠨ ᠡᠬᠢ ᠪᠠᠶᠠᠯᠢᠭ ᠤᠨ ᠬᠠᠳᠠᠭᠠᠯᠠᠭᠳᠡᠴᠡ ᠬᠡᠰᠡᠨ ᠦᠬᠡᠢ ᠶᠠᠰᠤ ᠴᠢᠨᠠᠷ ᠤᠨ ᠲᠠᠯ᠎ᠠ ᠪᠠᠷ ᠬᠡᠰᠡᠨ ᠦᠬᠡᠢ ᠴᠥᠮ ᠳᠡᠯᠡᠬᠡᠶ ᠶᠢᠨ ᠲᠠᠰ ᠤᠨ ᠪᠠᠶᠢᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ᠂ ᠠᠵᠤ ᠦᠶ᠋ᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠪᠠᠲᠤᠯᠠᠬᠤ ᠳᠤ ᠴᠦᠮ ᠴᠢᠬᠤᠯᠠ ᠪᠠᠶᠢᠷᠢ ᠰᠠᠭᠤᠷᠢ ᠪᠠ ᠦᠶ᠋ᠯᠡᠳᠦᠯ ᠲᠠᠢ ᠶᠤᠮ᠃ ᠪᠢᠳᠡ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 1.56 ᠳ᠋ᠦᠩᠰᠢᠭᠤᠷ ᠺᠢᠯᠦᠸᠠᠲ ᠲᠤ ᠬᠦᠷᠴᠦ᠂ ᠭᠠᠳᠠᠭᠰᠢ ᠬᠦᠷᠭᠡᠬᠦ ᠴᠠᠬᠢᠯᠭᠠᠨ ᠤ ᠴᠢᠳᠠᠪᠤᠷᠢ 7000 ᠲᠦᠮᠡᠨ ᠺᠢᠯᠦᠸᠠᠲ ᠲᠤ ᠬᠦᠷᠴᠦ᠂ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ 17 ᠵᠢᠯ ᠳᠠᠷᠠᠭᠠᠯᠠᠨ ᠪᠦᠬᠦ ᠤᠯᠤᠰ ᠲᠤ ᠲᠦᠷᠦᠭᠦᠯᠡᠵᠦ᠂ ᠨᠡᠶᠢᠳᠡ 98.9 ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠵᠦ᠂ 59.3 ᠳ᠋ᠦᠩᠰᠢᠭᠤᠷ ᠲᠣᠨ ᠨᠡᠬᠦᠷᠡᠰᠦ ᠶᠢ ᠭᠠᠳᠠᠬᠰᠢ ᠵᠥᠭᠡᠭᠡᠪᠦᠷᠢᠯᠡᠵᠦ᠂ 4.9 ᠲᠦᠮᠡᠨ ᠳ᠋ᠦᠩᠰᠢᠭᠤᠷ ᠺᠢᠯᠦᠸᠠᠲ ᠴᠠᠭ ᠴᠠᠬᠢᠯᠭᠠᠨ ᠭᠠᠷᠭᠠᠵᠤ᠂ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ 1.8 ᠲᠦᠮᠡᠨ ᠳ᠋ᠦᠩᠰᠢᠭᠤᠷ ᠺᠢᠯᠦᠸᠠᠲ ᠴᠠᠭ ᠲᠤ ᠬᠦᠷᠴᠦ᠂ ᠨᠡᠭᠦᠷᠡᠰᠦ ᠪᠠᠷ ᠲᠤᠰᠤ ᠦᠢᠯᠡᠳᠬᠦ ᠦᠢᠯᠡᠳᠪᠦᠷᠢᠯᠡᠯ ᠤᠨ ᠴᠢᠳᠠᠪᠤᠷᠢ 124 ᠲᠦᠮᠡᠨ ᠲᠣᠨ ᠳᠤ ᠬᠦᠷᠴᠦ᠂ ᠨᠡᠭᠦᠷᠡᠰᠦ ᠪᠠᠷ ᠬᠡᠢ ᠦᠢᠯᠡᠳᠬᠦ ᠦᠢᠯᠡᠳᠪᠦᠷᠢᠯᠡᠯ ᠤᠨ ᠴᠢᠳᠠᠪᠤᠷᠢ 27.5 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠲᠤ ᠬᠦᠷᠴᠦ᠂ ᠪᠦᠬᠦ ᠤᠯᠤᠰ ᠤᠨ ᠬᠠᠮᠤᠭ ᠤᠨ ᠶᠡᠭᠡ ᠨᠡᠭᠦᠷᠡᠰᠦ ᠪᠠᠷ ᠴᠠᠬᠢᠯᠭᠠᠨ ᠭᠠᠷᠭᠠᠬᠤ᠂ ᠨᠡᠭᠦᠷᠡᠰᠦ ᠪᠠᠷ ᠬᠢᠮᠢ ᠶᠢᠨ ᠦᠢᠯᠡᠳᠬᠦᠨ ᠦᠢᠯᠡᠳᠪᠦᠷᠢᠯᠡᠬᠦ ᠰᠠᠭᠤᠷᠢᠨ ᠢ ᠪᠠᠶᠢᠭᠤᠯᠪᠠ᠃ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 5600 ᠲᠦᠮᠡᠨ ᠺᠢᠯᠦᠸᠠᠲ ᠲᠤ ᠬᠦᠷᠴᠦ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠳᠠᠬᠢ ᠡᠵᠡᠯᠡᠬᠦ ᠬᠠᠷᠢᠴᠠᠯ 1/3᠎ ᠶᠢ ᠳᠠᠪᠠᠵᠤ᠂ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠰᠠᠨ ᠬᠡᠮᠵᠢᠶ᠎ᠡ 1191 ᠳ᠋ᠦᠩᠰᠢᠭᠤᠷ ᠺᠢᠯᠦᠸᠠᠲ ᠴᠠᠭ ᠲᠤ ᠬᠦᠷᠴᠦ᠂ ᠪᠥᠬᠦ ᠤᠯᠤᠰ ᠲᠤ ᠲᠦᠷᠦᠬᠦᠯᠡᠪᠡ᠃ ᠬᠤᠪᠣᠷ ᠰᠢᠷᠣᠶ ᠶᠢ ᠲᠤᠬᠠᠶ ᠶᠢᠨ ᠭᠠᠵᠠᠷ ᠲᠤᠨᠢ ᠤᠨᠳᠤᠤᠰᠢᠭᠤᠯᠬᠤ ᠨᠣᠷᠮ᠎ᠠ ᠶᠢ 75%᠎ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠪᠠ᠃ ᠡᠨᠡ ᠬᠤᠶᠠᠷ ᠵᠢᠯ ᠳᠤ᠂ ᠪᠥᠬᠦ ᠤᠯᠤᠰ ᠤᠨ ᠨᠡᠭᠦᠷᠡᠰᠦ ᠴᠠᠬᠢᠯᠭᠠᠨ ᠤ ᠬᠠᠩᠭᠠᠯᠭ᠎ᠠ ᠪᠠᠴᠢᠮ ᠪᠣᠯᠤᠬᠰᠠᠨ ᠳᠤ᠂ ᠥᠪᠥᠷ ᠮᠣᠩᠭᠤᠯ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠵᠥᠪᠬᠡᠨ ᠣᠷᠳᠣᠰ ᠨᠢᠭᠡ ᠬᠤᠲᠠ ᠳᠠᠷᠤᠶ ᠤᠯᠤᠰ ᠠᠴᠠ ᠲᠤᠰᠢᠶᠠᠭᠰᠠᠨ 18 ᠮᠤᠵᠢ ᠶᠢᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠡᠶᠡᠯᠡᠭᠦᠯᠪᠡ᠂ ᠨᠡᠭᠦᠷᠡᠰᠦᠨ ᠤ ᠦᠨ᠎ᠡ ᠦᠰᠴᠤ ᠠᠵᠤ ᠠᠬᠤᠶᠢᠯᠠᠯ ᠴᠠᠬᠢᠯᠭᠠᠨ ᠭᠠᠷᠭᠠᠵᠤ ᠪᠡᠨ᠎ᠡ ᠪᠠᠨ ᠠᠯᠳᠠᠭᠰᠠᠨ ᠴᠤ ᠪᠢᠳᠡ ᠪᠥᠬᠦ ᠬᠦᠴᠦᠨ ᠢᠶᠠᠷ ᠢᠶᠠᠨ ᠶᠡᠭᠡ ᠲᠠᠯ᠎ᠠ ᠶᠢ ᠪᠠᠲᠤᠯᠠᠵᠤ᠂ ᠥᠪᠡᠷ ᠤᠨ ᠬᠡᠷ ᠲᠡᠭᠡᠨ ︽ᠵᠤᠤᠬᠠᠨ ᠬᠡᠷ︾᠎ ᠢ ᠢᠯᠡᠬᠦᠬᠡᠨ ᠪᠠᠷᠢᠭᠰᠠᠨ ᠴᠤ ᠤᠯᠤᠰ ᠲᠤ ᠨᠠᠩ ᠣᠯᠠᠨ ᠴᠡᠪᠡᠷ ᠡᠨᠧᠷᠭᠢ ᠶᠢ ᠡᠷᠬᠦᠨ ᠨᠡᠮᠡᠷᠢᠯᠡᠪᠡ᠃    ᠶᠡᠷᠦᠩᠬᠡᠢ ᠱᠦᠵᠢ ᠰᠢ ᠶᠢᠨ ᠫᠢᠩ᠂ ︽ᠡᠨᠧᠷᠭᠢ ᠶᠢᠨ ᠠᠶᠠᠭ᠎ᠠ ᠶᠢ ᠡᠷᠬᠡᠪᠰᠢ ᠥᠪᠡᠷ ᠤᠨ ᠭᠠᠷ ᠲᠠᠭᠠᠨ ᠠᠳᠬᠤᠬᠤ ᠬᠡᠷᠡᠭᠲᠡᠢ︾ ᠭᠡᠵᠦ ᠴᠢᠬᠤᠯᠠᠴᠢᠯᠠᠪᠠ᠃ ᠡᠨᠧᠷᠭᠢ ᠶᠢᠨ ᠲᠤᠮᠤ ᠣᠷᠣᠨ ᠪᠣᠯᠤᠭᠰᠠᠨ ᠤ ᠬᠤᠪᠢ ᠳᠤ᠂ ᠪᠢᠳᠡ ᠶᠠᠭ ︽ᠬᠤᠤᠰ ᠨᠡᠭᠦᠷᠡᠰᠦᠲᠥ᠋ᠷᠥᠭᠴᠢ︾᠎ ᠶᠢᠨ ᠠᠵᠠ ᠲᠣᠬᠢᠶᠠᠯ ᠢ ᠠᠮᠵᠢᠵᠤ᠂ ᠨᠢᠭᠡ ᠲᠠᠯ᠎ᠠ ᠪᠠᠷ ᠨᠡᠭᠦᠷᠡᠰᠦᠨ ᠤ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠳᠬᠤᠵᠤ᠂ ᠨᠥᠭᠦᠭᠡ ᠲᠠᠯ᠎ᠠ ᠪᠠᠷ ᠰᠢᠨ᠎ᠡ ᠡᠨᠧᠷᠭᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠠᠳᠬᠤᠵᠤ᠂ ᠤᠯᠤᠰ ᠲᠤ ᠨᠠᠩ ᠲᠣᠭᠲᠠᠭᠤᠨ ᠂ ᠨᠠᠩ ᠠᠮᠤᠷ ᠲᠦᠪᠰᠢᠨ᠂ ᠨᠠᠩ ᠪᠣᠬᠢᠷᠲᠤᠯ ᠥᠬᠡᠶ ᠡᠨᠧᠷᠭᠢ ᠬᠠᠩᠭᠠᠬᠤ ᠪᠠᠷ ᠴᠢᠷᠮᠠᠶᠢᠪᠠ᠃ ᠪᠢᠳᠡᠨ ᠤ ᠬᠠᠷᠠᠯᠲᠠ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1.35 ᠳ᠋ᠦᠩᠰᠢᠭᠤᠷ ᠺᠢᠯᠦᠸᠠᠲ ᠠᠴᠠ ᠳᠡᠭᠡᠭᠰᠢ ᠬᠦᠷᠬᠡᠵᠤ᠂ ᠰᠢᠨ᠎ᠡ ᠡᠨᠧᠷᠭᠢ ᠶᠢᠨ ᠬᠦᠷᠢᠶᠡᠨ ᠳᠤ ︽ᠲᠡᠬᠢᠨ ᠨᠢᠭᠡ ᠥᠪᠥᠷ ᠮᠣᠩᠭᠤᠯ ᠢ ᠪᠠᠶᠢᠭᠤᠯᠵᠤ︾᠂ ᠪᠦᠬᠦ ᠤᠯᠤᠰ ᠲᠤ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠡᠨᠧᠷᠭᠢ ᠶᠢᠨ ᠬᠠᠩᠭᠠᠯᠭ᠎ᠠ ᠶᠢᠨ ᠰᠢᠰᠲ᠋ᠧᠮ ᠢ ᠤᠷᠢᠳ ᠢᠶᠠᠷ ᠪᠠᠶᠢᠭᠤᠯᠵᠤ᠂ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠪᠠᠷ ᠴᠢᠷᠮᠡᠶᠢᠨ ᠲᠡᠮᠡᠴᠡᠨ᠎ᠡ᠃    ︽ᠪᠣᠭᠤᠮᠲᠠ ᠶᠢᠨ ᠭᠠᠳᠠᠨᠠᠬᠢ ᠠᠮᠤ︾᠎ ᠶᠢ ᠰᠠᠶᠢᠲᠤᠷ ᠳᠠᠷᠢᠵᠤ᠂ ︽ᠳᠤᠮᠳᠠᠳᠤ ᠤᠯᠤᠰ ᠤᠨ ᠠᠶᠠᠭ᠎ᠠ︾᠎ ᠶᠢ ᠲᠠᠩᠰᠤᠭ ᠪᠤᠯᠭᠠᠵᠤ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠶ᠋ᠯᠡᠳᠪᠦᠷᠢᠯᠡᠯ ᠤᠨ ᠰᠠᠭᠤᠷᠢᠨ ᠢ ᠨᠠᠷ᠎ᠠ ᠠᠯᠳᠠᠷᠰᠢᠭᠤᠯᠪᠠ    ᠥᠪᠥᠷ ᠮᠣᠩᠭᠤᠯ 1.72 ᠳ᠋ᠦᠩᠰᠢᠭᠤᠷ ᠮᠥ ᠲᠠᠷᠢᠶᠠᠨ ᠭᠠᠵᠠᠷ ᠲᠠᠢ ᠪᠠᠶᠢᠵᠤ᠂ ᠪᠥᠬᠦ ᠤᠯᠤᠰ ᠤᠨ ᠲᠠᠷᠢᠶᠠᠨ ᠭᠠᠵᠠᠷ ᠤᠨ ᠬᠡᠮᠵᠢᠶ᠎ᠡ ᠳ᠋ᠦᠩᠰᠢᠭᠤᠷ ᠮᠤ᠋ ᠶᠢ ᠳᠠᠪᠠᠭᠰᠠᠨ 5 ᠮᠤᠵᠢ ᠣᠷᠣᠨ ᠤ ᠨᠢᠭᠡ ᠪᠤᠯᠤᠨ᠎ᠠ᠂ ᠨᠤᠲᠤᠭ ᠪᠡᠯᠴᠢᠭᠡᠷ ᠤᠨ ᠲᠠᠯᠠᠪᠠᠶ ᠪᠥᠬᠦ ᠤᠯᠤᠰ ᠤᠨ 1 / 5᠎ ᠶᠢ ᠡᠵᠡᠯᠡᠵᠦ᠂ ᠳᠡᠯᠡᠬᠡᠶ ᠨᠡᠶᠢᠲᠡ ᠳᠤ ᠮᠡᠳᠡᠷᠡᠭᠳᠡᠭᠰᠡᠨ ᠴᠢᠨᠠᠷ ᠰᠠᠶᠢᠲᠠᠶ ᠮᠠᠯᠵᠢᠬᠤ ᠣᠷᠣᠨ᠂ ᠰᠦ ᠶᠢᠨ ᠭᠠᠷᠤᠯᠲᠠ ᠶᠢᠨ ᠰᠢᠵᠢᠷ ᠠᠯᠲᠠᠨ ᠪᠦᠰᠡ ᠪᠣᠯᠤᠨ᠎ᠠ᠃ ᠪᠢᠳᠡ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠰᠦ ᠶᠢᠨ ᠦᠶ᠋ᠯᠡᠰ᠂ ᠡᠷᠳᠡᠨᠢ ᠰᠢᠰᠢ ᠵᠡᠷᠭᠡ 2 ᠮᠢᠩᠭᠠᠨ ᠳ᠋ᠦᠩᠰᠢᠭᠤᠷ ᠤᠨ ᠲᠠᠰ ᠤᠨ ᠪᠠ ᠠᠯᠠᠰᠢᠨ ᠬᠤᠨᠢ᠂ ᠠᠯᠠᠰᠢᠨ ᠦᠬᠡᠷ᠂ ᠲᠥᠮᠥᠰᠥ᠂ ᠨᠡᠷᠡᠨ ᠬᠤᠸᠠᠷ ᠤᠨ ᠦᠷ᠎ᠡ ᠵᠡᠷᠭᠡ 10 ᠵᠠᠭᠤᠨ ᠳ᠋ᠦᠩᠰᠢᠭᠤᠷ ᠲᠡᠰ ᠤᠨ ᠠᠵᠤ ᠤᠶᠢᠯᠡᠰ ᠤᠨ ᠪᠦᠯᠦᠭᠵᠢᠯ ᠢ ᠪᠠᠶᠢᠭᠤᠯᠪᠠ᠃ ᠠᠮᠤ ᠪᠤᠳᠠᠭᠠᠨ ᠤ ᠤᠨᠠᠯᠲᠠ 4 ᠵᠢᠯ ᠳᠠᠷᠠᠭᠠᠯᠠᠨ 700 ᠳ᠋ᠦᠩᠰᠢᠭᠤᠷ ᠵᠢᠩ ᠢ ᠳᠠᠪᠠᠵᠤ᠂ ᠪᠦᠬᠦ ᠤᠯᠤᠰ ᠲᠤ ᠵᠢᠷᠭᠤᠳᠤᠭᠠᠷ ᠲᠤ ᠣᠷᠣᠵᠤ᠂ ᠵᠢᠯ ᠪᠦᠷᠢ ᠬᠠᠭᠠᠰ ᠠᠴᠠ ᠳᠡᠭᠡᠭᠰᠢᠬᠢ ᠠᠮᠤ ᠪᠤᠳᠠᠭ᠎ᠠ ᠶᠢ ᠣᠷᠣᠨ ᠤ ᠭᠠᠳᠠᠨ᠎ᠠ ᠲᠤᠬᠢᠷᠠᠭᠤᠯᠤᠨ ᠰᠢᠯᠵᠢᠭᠦᠯᠵᠤ᠂ ᠪᠦᠬᠦ ᠤᠯᠤᠰ ᠢ ᠬᠠᠩᠭᠠᠵᠤ ᠪᠠᠶᠢᠨ᠎ᠠ᠃ ᠮᠠᠯ ᠤᠨ ᠲᠤᠭ᠎ᠠ ᠲᠣᠯᠣᠭᠠᠶ 7000 ᠲᠦᠮᠡ ᠶᠢ ᠳᠠᠪᠠᠵᠤ᠂ ᠬᠤᠨᠢᠨ ᠮᠢᠬ᠎ᠠ᠂ ᠦᠬᠡᠷ ᠤᠨ ᠮᠢᠬ᠎ᠠ᠂ ᠦᠨᠢᠶᠡᠨ ᠰᠦ᠂ ᠢᠮᠠᠭᠠᠨ ᠨᠣᠣᠯᠤᠭᠤᠷ ᠤᠨ ᠭᠠᠷᠤᠯᠲᠠ ᠲᠣᠰ ᠲᠣᠰ ᠪᠥᠬᠦ ᠤᠯᠤᠰ ᠤᠨ 1/5᠂ 1/10᠂ 1/5᠂ 1/2᠎ ᠢ ᠡᠵᠡᠯᠡᠵᠦ᠂ ᠢᠯᠢ ᠪᠣᠯᠤᠨ ᠮᠧᠩ ᠨᠢᠤ ᠪᠥᠬᠦ ᠳᠡᠯᠡᠬᠡᠶ ᠶᠢᠨ ᠰᠦ ᠰᠠᠭᠠᠯᠢ ᠶᠢᠨ ᠦᠶ᠋ᠯᠡᠰ ᠤᠨ ᠠᠷᠪᠠᠨ ᠬᠦᠴᠦᠷᠬᠡᠭ ᠲᠤ ᠣᠷᠣᠵᠤ᠂ ᠲᠣᠰ ᠲᠣᠰ ᠲᠠᠪᠤᠳᠤᠭᠠᠷ ᠪᠠ ᠳᠣᠯᠣᠳᠤᠭᠠᠷ ᠲᠤ ᠵᠢᠭᠰᠠᠭᠠᠭᠳᠠᠪᠠ᠃ ᠥᠪᠥᠷ ᠮᠣᠩᠭᠤᠯ ᠨᠢᠭᠡᠨᠲᠡ ᠤᠯᠤᠰ ᠤᠨ ᠴᠢᠬᠤᠯᠠ ︽ᠠᠮᠤ ᠶᠢᠨ ᠰᠠᠩ︾᠂ ︽ᠮᠢᠬᠠᠨ ᠤ ᠬᠥᠮᠥᠷᠭᠡ︾᠂ ︽ᠰᠦ ᠶᠢᠨ ᠬᠦᠮᠦᠷᠬᠡ︾᠂ ︽ᠨᠣᠣᠯᠤᠭᠤᠷ ᠤᠨ ᠣᠷᠣᠨ︾ ᠪᠣᠯᠵᠣ᠂ ︽ᠨᠠᠷᠠᠲᠤ ᠣᠨᠴᠠ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠡᠷᠦᠩᠬᠡᠶ ᠬᠡᠮᠵᠢᠶ᠎ᠡ ᠪᠥᠬᠦ ᠤᠯᠤᠰ ᠲᠤ ᠲᠦᠷᠦᠭᠦᠯᠡᠵᠦ᠂ ︽ᠥᠪᠥᠷ ᠮᠣᠩᠭᠤᠯ ᠨᠡᠷᠡᠮᠵᠢᠲᠦ︾ ᠪᠦᠲᠦᠭᠡᠭᠳᠡᠬᠦᠨ ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠭ᠎ᠠ ᠰᠠᠶᠢᠲᠠᠶ ᠪᠠᠶᠢᠨ᠎ᠠ᠃    ︽ᠲᠠᠷᠢᠶᠠᠯᠠᠩ ᠲᠣᠭᠲᠠᠭᠤᠨ ᠪᠣᠯ ᠳᠡᠯᠡᠬᠡᠶ ᠳ᠋ᠠᠬᠢᠨ ᠠᠮᠤᠭᠤᠯᠠᠩ︾᠃ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ᠂ ᠪᠢᠳᠡ ᠲᠤᠭ᠎ᠠ ᠬᠡᠮᠵᠢᠶ᠎ᠡ ᠶᠢ ᠥᠷᠭᠡᠳᠭᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠤᠨᠠᠯᠲᠠ ᠶᠢ ᠨᠡᠮᠡᠭᠳᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠶ᠋ᠯᠡᠳᠪᠦᠷᠢᠯᠡᠯ ᠤᠨ ᠰᠠᠭᠤᠷᠢᠨ ᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠨ ᠠᠬᠢᠭᠤᠯᠤᠨ᠎ᠠ᠃ ᠲᠤᠭ᠎ᠠ ᠬᠡᠮᠵᠢᠶ᠎ᠡ ᠶᠢ ᠥᠷᠭᠡᠳᠭᠡᠬᠦ ᠳᠤ᠂ ᠲᠠᠷᠢᠶᠠᠨ ᠭᠠᠵᠠᠷ ᠬᠠᠳᠤᠯᠠᠩ ᠪᠡᠯᠴᠢᠭᠡᠷ ᠤᠨ ᠨᠥᠭᠡᠴᠡ ᠡᠬᠢ ᠪᠠᠶᠠᠯᠢᠭ ᠢ ᠥᠭᠡᠷᠡᠴᠢᠯᠡᠬᠦ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠭᠡᠨ᠎ᠡ᠃ ᠶᠠᠰᠤ ᠴᠢᠨᠠᠷ ᠢ ᠳᠡᠭᠡᠭᠰᠢᠯᠡᠭᠦᠯᠬᠦ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠥᠨᠳᠥᠷ ᠲᠦᠪᠰᠢᠨ ᠪᠦᠬᠦᠢ ᠨᠤᠲᠤᠭ ᠪᠡᠯᠴᠢᠭᠡᠷ ᠢ ᠵᠠᠰᠠᠨ ᠰᠡᠷᠭᠦᠭᠡᠬᠦ᠂ ᠴᠢᠨᠠᠷ ᠰᠠᠶᠢᠲᠠᠢ ᠦᠷ᠎ᠡ ᠡᠳ᠋ ᠤᠨ ᠡᠬᠢ ᠪᠠᠶᠠᠯᠢᠭ ᠢ ᠣᠷᠣᠭᠤᠯᠤᠨ ᠠᠪᠴᠢᠷᠠᠬᠤ ᠶᠢ ᠬᠡᠷᠡᠭᠵᠢᠭᠦᠯᠵᠦ᠂ ᠲᠠᠷᠢᠶᠠᠨ ᠭᠠᠵᠠᠷ᠂ ᠡᠪᠡᠰᠦ ᠪᠡᠯᠴᠢᠭᠡᠷ ᠪᠠ ᠦᠷ᠎ᠡ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠨᠠᠯᠳᠠ ᠶᠢ ᠨᠡᠮᠡᠭᠳᠡᠭᠦᠯᠬᠦ ᠳᠤ᠂ ᠲᠤᠭ᠎ᠠ ᠬᠡᠮᠵᠢᠶ᠎ᠡ ᠪᠠᠨ ᠥᠷᠭᠡᠳᠭᠡᠬᠦ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢᠨ ᠬᠠᠮᠳᠤ ᠲᠡᠷᠢᠭᠦᠨ ᠤ ᠲᠠᠷᠢᠬᠤ ᠮᠡᠷᠭᠡᠵᠢᠯ ᠢ ᠳᠡᠯᠭᠡᠷᠡᠭᠦᠯᠬᠦ᠂ ᠬᠠᠰᠢᠶᠠᠯᠠᠨ ᠲᠡᠵᠢᠭᠡᠵᠦ ᠠᠷᠠᠴᠢᠯᠠᠬᠤ ᠵᠠᠭᠪᠤᠷ ᠢ ᠳᠡᠯᠭᠡᠷᠡᠭᠦᠯᠬᠦ ᠶᠢ ᠰᠠᠶᠢᠲᠤᠷ ᠠᠳᠬᠤᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢ ᠳᠡᠭᠡᠭᠰᠢᠯᠡᠭᠦᠯᠵᠦ᠂ ᠤᠯᠤᠰ ᠲᠤ ᠨᠡᠩ ᠣᠯᠠᠨ ᠴᠢᠨᠠᠷ ᠰᠠᠶᠢᠲᠠᠶ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠴᠢᠷᠮᠠᠶᠢᠨ ᠬᠠᠩᠭᠠᠨ᠎ᠠ᠃ ᠮᠠᠨ ᠤ ᠬᠠᠷᠠᠯᠲᠠ ᠪᠣᠯ᠂ 2025 ᠣᠨ ᠪᠣᠯᠬᠤ ᠳᠤ ᠪᠦᠬᠦ ᠣᠷᠣᠨ ᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 750 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠮᠢᠬᠠᠨ ᠤ ᠲᠦᠷᠦᠯ ᠤᠨ ᠶᠡᠷᠦᠩᠬᠡᠢ ᠭᠠᠷᠤᠯᠲᠠ ᠶᠢ 345 ᠲᠦᠮᠡᠨ ᠲᠣᠨ ᠳᠤ ᠬᠦᠷᠭᠡᠵᠦ᠂ ᠲᠦᠭᠦᠬᠡᠢ ᠰᠦ ᠶᠢᠨ ᠭᠠᠷᠤᠯᠲᠠ ᠶᠢ 1000 ᠲᠦᠮᠡᠨ ᠲᠣᠨ ᠠᠴᠠ ᠳᠡᠭᠡᠭᠰᠢ ᠳᠤ ᠬᠦᠷᠭᠡᠨ᠎ᠡ᠃    ᠬᠤᠤᠰ ᠣᠷᠴᠢᠯ ᠳᠤ ᠦᠶ᠋ᠯᠡᠴᠢᠯᠡᠵᠦ᠂ ᠳᠣᠲᠣᠭᠠᠳᠤ ᠭᠠᠳᠠᠭᠠᠳᠤ ᠶᠢ ᠬᠤᠯᠪᠣᠨ ᠨᠡᠪᠲᠡᠷᠡᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠠᠮᠢᠵᠢᠷᠠᠯ ᠤᠨ ᠬᠦᠴᠦᠨ ᠢ ᠢᠯᠡᠷᠡᠬᠦᠯᠪᠡ    ᠥᠪᠥᠷ ᠮᠣᠩᠭᠤᠯ ᠳᠣᠲᠣᠭᠠᠳᠤ ᠳᠠᠭᠠᠨ ᠨᠠᠢᠮᠠᠨ ᠮᠤᠵᠢ ᠣᠷᠣᠨ ᠲᠠᠢ ᠬᠤᠯᠪᠤᠯᠳᠤᠵᠤ᠂ ᠭᠠᠳᠠᠭᠰᠢ ᠪᠠᠨ ᠤᠷᠤᠰ ᠪᠣᠯᠤᠨ ᠮᠣᠩᠭᠤᠯ ᠤᠯᠤᠰ ᠲᠠᠢ ᠵᠠᠯᠭᠠᠯᠳᠤᠨ᠂ ᠣᠷᠣᠨ ᠪᠠᠶᠢᠷᠢ ᠶᠢᠨ ᠳᠠᠪᠠᠭᠤᠯᠢᠭ ᠣᠨᠴᠠᠭᠠᠢ ᠪᠠᠶᠢᠵᠤ᠂ ᠲᠡᠦᠬᠡᠨ ᠳᠡᠭᠡᠷ᠎ᠡ ︽ᠲᠠᠯ᠎ᠠ ᠨᠤᠲᠤᠭ ᠤᠨ ᠲᠣᠷᠭᠠᠨ ᠵᠠᠮ︾ ᠪᠣᠯᠤᠨ ︽ᠲᠦᠮᠡᠨ ᠭᠠᠵᠠᠷ ᠤᠨ ᠴᠠᠢ ᠶᠢᠨ ᠵᠠᠮ︾ ᠎ ᠤᠨ ᠴᠢᠬᠤᠯᠠ ᠬᠦᠢᠰᠦ ᠪᠠ ᠨᠠᠪᠳᠠᠷᠠᠬᠦ ᠵᠠᠮ ᠪᠤᠯᠵᠤ ᠪᠠᠶᠢᠪᠠ᠂ ᠤᠳᠤ ᠨᠡᠩ ᠴᠤ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠴᠢᠬᠤᠯᠠ ᠵᠠᠩᠭᠢᠯᠠᠭ᠎ᠠ ᠶᠢᠨ ᠴᠡᠭ᠂ ᠤᠯᠤᠰ ᠤᠨ ᠪᠠᠷᠠᠭᠤᠨ ᠣᠷᠣᠨ ᠤ ᠡᠬᠡ ᠬᠠᠭᠤᠷᠠᠢ ᠪᠠ ᠲᠠᠯᠠᠢ ᠶᠢᠨ ᠰᠢᠨ᠎ᠡ ᠵᠠᠮ ᠤᠨ ᠴᠢᠬᠤᠯᠠ ᠡᠭᠦᠳᠡ ᠪᠤᠯᠵᠤ ᠪᠠᠶᠢᠨ᠎ᠠ᠃ ᠪᠢᠳᠡ ᠭᠠᠳᠠᠭᠠᠳᠤ ᠨᠡᠬᠡᠬᠡᠯᠳᠡ ᠶᠢ ᠳᠠᠰᠤᠷᠠᠯᠳᠠ ᠦᠬᠡᠢ ᠥᠷᠭᠡᠳᠭᠡᠵᠦ᠂ ᠣᠷᠣᠨ ᠪᠦᠰᠡ ᠶᠢᠨ ᠬᠠᠮᠵᠢᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠶᠢᠨ ᠬᠠᠮᠲᠤ ᠠᠭᠤᠰᠤᠯᠴᠠᠪᠠ᠃ ᠪᠥᠬᠦ ᠣᠷᠣᠨ ᠤ ᠲᠡᠮᠦᠷ ᠵᠠᠮ ᠤᠨ ᠡᠵᠡᠩᠨᠡᠯᠲᠡ ᠶᠢᠨ ᠣᠷᠳᠣ 9400 ᠭᠠᠷᠤᠶ ᠺᠢᠯᠣᠮᠧᠳ᠋ᠷ ᠪᠠᠶᠢᠭᠰᠠᠨ ᠠᠴᠠ ᠪᠠᠨ ᠨᠡᠮᠡᠭᠳᠡᠭᠡᠳ 1.5 ᠲᠦᠮᠡᠨ ᠺᠢᠯᠣᠮᠧᠳ᠋ᠷ ᠲᠤ ᠬᠦᠷᠴᠦ᠂ ᠪᠥᠬᠦ ᠤᠯᠤᠰ ᠤᠨ ᠨᠢᠭᠡᠳᠦᠭᠡᠷ ᠲᠤ ᠣᠷᠣᠵᠤ᠂ ᠰᠢᠨ᠎ᠡ ᠪᠠᠷ ᠨᠡᠮᠡᠭᠳᠡᠭᠰᠡᠨ ᠵᠠᠰᠠᠮᠠᠯ ᠵᠠᠮ ᠤᠨ ᠣᠷᠳᠣ 4.9 ᠲᠦᠮᠡᠨ ᠺᠢᠯᠣᠮᠧᠳ᠋ᠷ ᠲᠤ ᠬᠦᠷᠴᠤ᠂ ᠡᠷᠬᠢᠨ ᠲᠣᠭᠤᠷᠢᠨ ᠤ ᠨᠠᠶ᠋ᠮᠠᠨ ᠮᠤᠵᠢ ᠣᠷᠣᠨ ᠤ ᠳᠡᠭᠡᠳᠦ ᠲᠠᠰ ᠤᠨ ᠵᠠᠰᠠᠮᠠᠯ ᠵᠠᠮ ᠲᠠᠢ ᠪᠥᠬᠦ ᠲᠠᠯ᠎ᠠ ᠪᠠᠷ ᠨᠡᠪᠲᠡᠷᠡᠵᠦ᠂ ᠠᠷᠠᠳ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ 15 ᠪᠠᠶᠢᠭᠰᠠᠨ ᠠᠴᠠ ᠪᠠᠨ ᠨᠡᠮᠡᠭᠳᠡᠭᠡᠳ 43 ᠪᠣᠯᠵᠣ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠪᠣᠯᠤᠨ ᠤᠯᠠᠭᠠᠨᠬᠠᠳᠠ᠂ ᠲᠦᠩᠯᠢᠶᠣᠤ ᠵᠡᠷᠭᠡ ᠭᠠᠵᠠᠷ ᠨᠡᠶᠢᠰᠯᠡᠯ ᠤᠨ 2.5 ᠴᠠᠭ ᠤᠨ ︽ᠲᠣᠭᠤᠷᠢᠭ︾᠎ ᠲᠤ ᠠᠭᠤᠰᠤᠨ ᠣᠷᠣᠵᠤ᠂ ᠳᠣᠲᠣᠭᠠᠳᠤ ᠭᠠᠳᠠᠭᠠᠳᠤ ᠶᠢ ᠬᠤᠯᠪᠣᠬᠤ ︽ᠵᠠᠮ ᠬᠠᠷᠢᠯᠴᠠᠭᠠᠨ ᠤ ᠲᠤᠤᠷ︾ ᠶᠠᠪᠤᠬᠤ ᠲᠤᠲᠤᠮ ᠨᠢᠭᠲᠠ ᠪᠣᠯᠪᠠ᠃ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶᠎ ᠶᠢᠨ ᠪᠡᠯᠡ ᠮᠥᠩᠭᠦ ᠶᠢ ᠨᠡᠶᠢᠲᠡ 2.9 ᠲᠦᠮᠡᠨ ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠪᠦᠬᠦ ᠣᠷᠣᠨ ᠤ ᠪᠡᠯᠡ ᠣᠷᠣᠭᠤᠯᠤᠯᠲᠠ ᠳᠠᠬᠢ ᠡᠵᠡᠯᠡᠬᠦ ᠬᠠᠷᠢᠴᠠᠯ ᠨᠢ 26. 8% ᠪᠠᠶᠢᠭᠰᠠᠨ ᠠᠴᠠ ᠪᠠᠨ 43.5% ᠪᠣᠯᠤᠨ ᠳᠡᠭᠡᠭᠰᠢᠯᠡᠵᠦ᠂ ᠣᠷᠣᠨ ᠪᠦᠰᠡ ᠶᠢᠨ ᠬᠠᠮᠵᠢᠯᠴᠠᠭᠠᠨ ᠤ ︽ᠬᠠᠷᠢᠯᠴᠠᠭᠠᠨ ᠤ ᠲᠣᠣᠷ︾ ᠶᠠᠪᠤᠬᠤ ᠲᠤᠲᠤᠮ ᠥᠷᠭᠡᠵᠢᠪᠡ᠃ ᠭᠠᠳᠠᠭᠠᠳᠤ ᠨᠡᠬᠡᠬᠡᠯᠳᠡ ᠶᠢᠨ ᠪᠣᠭᠤᠮᠲᠠ 12 ᠪᠠᠶᠢᠭᠰᠠᠨ ᠠᠴᠠ ᠪᠠᠨ 20 ᠪᠣᠯᠤᠨ ᠨᠡᠮᠡᠭᠳᠡᠵᠦ᠂ ᠬᠢᠯᠢ ᠪᠠᠷ ᠥᠩᠭᠡᠷᠡᠬᠦ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2013 ᠣᠨ ᠳᠤ 3 ᠴᠤᠪᠤᠭ᠎ᠠ ᠪᠠᠶᠢᠭᠰᠠᠨ ᠠᠴᠠ ᠪᠠᠨ ᠨᠢᠳᠤᠨᠤᠨ 6100 ᠭᠠᠷᠤᠢ ᠴᠤᠪᠤᠭ᠎ᠠ ᠪᠣᠯᠤᠨ ᠨᠡᠮᠡᠭᠳᠡᠵᠦ᠂ ᠦᠪᠦᠷ ᠮᠤᠩᠭᠤᠯ  ᠠᠴᠠ ᠮᠤᠷᠳᠠᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2016 ᠣᠨ ᠳᠤ 30 ᠭᠠᠷᠤᠢ ᠴᠤᠪᠤᠭ᠎ᠠ ᠪᠠᠶᠢᠭᠰᠠᠨ ᠠᠴᠠ ᠪᠠᠨ ᠨᠢᠳᠤᠨᠤᠨ 300 ᠭᠠᠷᠤᠢ ᠴᠤᠪᠤᠭ᠎ᠠ ᠪᠣᠯᠤᠨ ᠨᠡᠮᠡᠭᠳᠡᠵᠦ᠂ ᠮᠠᠨᠵᠤᠤᠷ᠂ ᠡᠷᠢᠶᠡᠨ ᠬᠤᠳᠠ ᠶᠢᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠴᠦᠮ ᠨᠡᠶᠢᠳᠡ ᠲᠦᠮᠡᠨ ᠴᠤᠪᠤᠭ᠎ᠠ ᠶᠢᠨ ᠶᠡᠭᠡ ᠪᠣᠭᠤᠮᠲᠠ ᠶᠢ ᠳᠠᠪᠠᠵᠤ᠂ ᠬᠢᠯᠢ ᠶᠢᠨ ᠬᠠᠭᠤᠷᠠᠢ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠢ ᠬᠡᠮᠵᠢᠶ᠎ᠠ ᠪᠦᠬᠦ ᠤᠯᠤᠰ ᠲᠤ ᠲᠦᠷᠦᠬᠦᠯᠡᠪᠡ᠃    ᠨᠡᠭᠡᠭᠡᠯᠳᠡ ᠶᠢ ᠪᠦᠬᠦ ᠲᠠᠯ᠎ᠠ ᠪᠠᠷ ᠥᠷᠭᠡᠳᠭᠡᠬᠦ ᠪᠣᠯ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠡᠷᠳᠡᠨᠢ ᠮᠥᠨ᠃ ᠪᠢᠳᠡ ᠨᠠᠩ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠨᠡᠭᠡᠭᠡᠯᠲᠡ ᠬᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠪᠠᠶᠢᠳᠠᠯ ᠳᠤᠤᠷᠠᠬᠢ ᠭᠠᠳᠠᠭᠠᠳᠤ ᠨᠡᠭᠡᠭᠡᠯᠲᠡ ᠬᠢᠬᠦ ᠰᠢᠨ᠎ᠡ ᠲᠣᠭᠲᠡᠴᠡ ᠶᠢ ᠢᠳᠡᠪᠬᠢᠲᠡᠶ ᠰᠦᠪᠡᠭᠴᠢᠯᠡᠵᠦ᠂ ᠬᠠᠲᠠᠭᠤ ᠲᠣᠨᠤᠭ ᠵᠥᠭᠡᠯᠡᠨ ᠲᠣᠨᠤᠭ ᠢ ᠵᠡᠷᠭᠡ ᠪᠠᠷ ᠠᠳᠬᠤᠬᠤ᠂ ᠳᠣᠲᠣᠭᠠᠳᠤ ᠭᠠᠳᠠᠭᠠᠳᠤ ᠣᠷᠴᠢᠯ ᠢ ᠵᠡᠷᠭᠡ ᠪᠠᠷ ᠠᠬᠢᠭᠤᠯᠬᠤ᠂ ᠪᠣᠭᠤᠮᠲᠠ ᠪᠠ ᠳᠣᠲᠣᠭᠠᠳᠤ ᠭᠠᠵᠠᠷ ᠢ ᠬᠠᠮᠲᠤ ᠪᠠᠷ ᠬᠥᠭᠵᠢᠭᠦᠯᠬᠦ ᠶᠢ ᠪᠠᠷᠢᠮᠲᠠᠯᠠᠵᠤ᠂ ︽ᠠᠵᠤ ᠠᠬᠤᠶ ᠶᠢᠨ ᠨᠡᠪᠲᠡᠷᠡᠬᠦ ᠵᠠᠮ︾᠎ ᠠᠴᠠ ︽ᠨᠡᠪᠲᠡᠷᠡᠬᠦ ᠵᠠᠮ ᠤᠨ ᠠᠵᠤ ᠠᠬᠤᠶ︾ ᠲᠡᠶᠢᠰᠢ ᠬᠤᠪᠢᠷᠠᠭᠤᠯᠬᠤ᠂ ︽ᠳᠠᠮᠵᠢᠯᠭ᠎ᠠ  ᠶᠢᠨ ᠠᠵᠤ ᠠᠬᠤᠶ︾᠎ ᠠᠴᠠ ︽ᠰᠠᠭᠤᠷᠢᠰᠢᠯ ᠤᠨ ᠠᠵᠤ ᠠᠬᠤᠶ︾ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠨ ᠠᠬᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠳᠤ ᠨᠠᠩ ᠰᠠᠶᠢᠲᠤᠷ ᠠᠭᠤᠰᠤᠯᠴᠠᠵᠤ᠂ ᠥᠪᠥᠷ ᠮᠣᠩᠭᠤᠯ ᠢ ᠡᠬᠢ ᠪᠠᠶᠠᠯᠢᠭ ᠢ ᠲᠥᠪᠯᠡᠷᠡᠭᠦᠯᠵᠦ ᠲᠠᠷᠬᠠᠭᠠᠬᠤ᠂ ᠴᠢᠬᠤᠯᠠ ᠡᠯᠧᠮᠧᠨ᠋ᠲ ᠢ ᠠᠭᠤᠰᠤᠯᠴᠠᠭᠤᠯᠤᠨ ᠨᠡᠪᠲᠡᠷᠡᠭᠦᠯᠬᠦ ᠪᠥᠬᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠪᠣᠯᠭᠠᠨ ᠪᠠᠶᠢᠭᠤᠯᠵᠠᠢ᠃    ︽ᠤᠮᠠᠷᠠᠲᠤ ᠶᠡᠭᠡ ᠡᠬᠦᠳᠡ︾᠎ ᠶᠢ ᠰᠠᠶᠢᠲᠤᠷ ᠰᠠᠬᠢᠵᠤ᠂ ︽ᠤᠨᠠᠭᠤᠯᠢ ᠭᠤᠤᠯ︾᠎ ᠢ ᠰᠠᠶᠢᠲᠤᠷ ᠪᠥᠲᠥᠭᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠠᠩ ᠪᠠᠬᠢᠵᠢᠭᠦᠯᠪᠡ    ᠥᠪᠥᠷ ᠮᠣᠩᠭᠤᠯ ︽ᠤᠮᠠᠷᠠᠲᠤ ᠶᠢᠨ ᠭᠤᠷᠪᠠᠨ ᠣᠷᠣᠨ︾᠎ ᠢ ᠰᠤᠨᠳᠠᠯᠠᠵᠤ᠂ ᠪᠡᠭᠡᠵᠢᠩ ᠠᠴᠠ ᠤᠢᠢᠷ᠎ᠠ᠂ 4000 ᠭᠠᠷᠤᠢ ᠺᠢᠯᠤᠮᠧᠳ᠋ᠷ ᠤᠨ ᠬᠢᠯᠢ ᠶᠢᠨ ᠱᠤᠭᠤᠮ᠂ 36 ᠲᠦᠮᠡᠨ ᠲᠡᠭᠰᠢ ᠳᠥᠷᠪᠡᠯᠵᠢᠨ ᠺᠢᠯᠤᠮᠧᠳ᠋ᠷ ᠬᠢᠯᠢ ᠶᠢᠨ ᠬᠠᠮᠢᠶᠠᠷᠤᠯᠲᠠ ᠶᠢᠨ ᠣᠷᠣᠨ ᠲᠠᠢ᠂ ᠤᠯᠤᠰ ᠤᠨ ᠠᠮᠤᠷ ᠲᠦᠪᠰᠢᠨ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠪᠢᠳᠡ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠪᠠᠷᠢᠮᠲᠠᠯᠠᠵᠤ᠂ ︽ᠨᠠᠮ ᠤᠨ ᠬᠤᠷᠢᠶ᠎ᠠ ᠴᠢᠭᠯᠡᠯ ᠢ ᠡᠵᠡᠮᠳᠡᠵᠦ᠂ ᠵᠠᠰᠠᠭ ᠤᠨ ᠣᠷᠳᠣᠨ ᠶᠡᠷᠦᠩᠬᠡᠶᠢᠯᠡᠨ ᠵᠣᠬᠢᠴᠠᠭᠤᠯᠵᠤ᠂ ᠴᠡᠷᠢᠭ ᠠᠩᠭᠢ ᠭᠤᠤᠯᠯᠠᠭᠴᠢ ᠬᠦᠴᠦᠨ ᠪᠣᠯᠵᠣ᠂ ᠴᠠᠭᠳᠠᠭᠠᠨ ᠤ ᠲᠠᠯ᠎ᠠ ᠵᠠᠰᠠᠯᠲᠠ ᠶᠢ ᠠᠳᠬᠤᠵᠤ᠂ ᠠᠷᠠᠳ ᠣᠯᠠᠨ ᠢᠶᠠᠷ ᠰᠠᠭᠤᠷᠢ ᠪᠣᠯᠭᠠᠭᠰᠠᠨ︾ ᠬᠢᠯᠢ ᠶᠢᠨ ᠬᠠᠮᠠᠭᠠᠯᠠᠯᠲᠠ ᠶᠢᠨ ᠬᠠᠮᠢᠶᠠᠷᠤᠨ ᠡᠵᠡᠮᠳᠡᠬᠦ ᠬᠦᠴᠦᠨ ᠤ ᠰᠢᠰᠲ᠋ᠧᠮ ᠢ ᠦᠷᠭᠦᠯᠵᠢᠯᠡᠨ ᠪᠠᠶᠢᠭᠤᠯᠤᠨ ᠬᠦᠴᠦᠷᠬᠡᠭᠵᠢᠭᠦᠯᠵᠦ᠂ ᠬᠠᠮᠲᠤᠷᠠᠭᠰᠠᠨ ᠨᠠᠮ ᠤᠨ ᠪᠠᠶᠢᠭᠤᠯᠤᠯᠲᠠ ᠪᠠᠷ ᠴᠢᠳᠠᠮᠵᠢᠳᠤ ᠨᠠᠮ ᠤᠨ ᠡᠭᠦᠷ ᠢ ᠪᠠᠶᠢᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠰᠠᠭᠤᠷᠢ ᠶᠢ ᠪᠠᠬᠢᠵᠢᠭᠦᠯᠵᠦ᠂ ᠲᠠᠯ᠎ᠠ ᠨᠤᠲᠤᠭ ᠤᠨ 110᠂ ᠬᠢᠯᠢ ᠬᠢᠵᠠᠭᠠᠷ ᠢ ᠬᠠᠮᠠᠭᠠᠯᠠᠬᠤ ᠴᠠᠭᠳᠠᠭᠠᠨ ᠤ ᠶᠠᠪᠤᠳᠠᠯ ᠤᠨ ᠲᠠᠰᠤᠭ᠂ ᠮᠣᠩᠭᠤᠯ ᠬᠡᠷ ᠬᠠᠷᠠᠭᠤᠯ ᠤᠨ ᠭᠠᠵᠠᠷ᠂ ᠬᠤᠪᠢᠰᠬᠠᠯᠲᠤ ᠪᠠᠬᠢᠯᠡᠯᠲᠡ ᠶᠢᠨ ᠡᠷᠦᠬᠡ ᠵᠡᠷᠭᠡ ᠪᠦᠲᠦᠮᠵᠢᠲᠡᠶ ᠠᠷᠭ᠎ᠠ ᠬᠢᠳᠡᠯ ᠢ ᠰᠦᠪᠡᠭᠴᠢᠯᠡᠨ ᠬᠡᠷᠡᠭᠵᠢᠭᠦᠯᠵᠦ᠂ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ ︽ᠲᠩᠷᠢ ᠶᠢᠨ ᠲᠤᠤᠷ ᠭᠠᠵᠠᠷ ᠤᠨ ᠦᠬᠡᠰᠢ︾᠎ ᠶᠢ ᠪᠠᠶᠢᠭᠤᠯᠪᠠ᠃ ᠡᠬᠡ ᠤᠯᠤᠰ ᠤᠨ ᠬᠢᠯᠢ ᠬᠢᠵᠠᠭᠠᠷ ᠢ ᠰᠠᠶᠢᠲᠤᠷ ᠰᠠᠬᠢᠬᠤ ᠶᠢᠨ ᠬᠠᠮᠲᠤ᠂ ᠪᠢᠳᠡ ᠠᠮᠤᠭᠤᠯᠠᠩᠳᠤ ᠥᠪᠥᠷ ᠮᠣᠩᠭᠤᠯ᠂ ᠬᠠᠤᠯᠢᠵᠢᠯ ᠤᠨ ᠥᠪᠥᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠪᠥᠬᠦ ᠣᠷᠣᠨ ᠤ 12 ᠠᠶᠢᠮᠠᠭ ᠬᠤᠲᠠ ᠪᠦᠬᠦᠨ ᠢ ︽ᠪᠥᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ︾᠎ ᠲᠤ ᠣᠷᠣᠭᠤᠯᠵᠤ᠂ ᠣᠯᠠᠨ ᠲᠦᠮᠡᠨ ᠤ ᠨᠡᠶᠢᠭᠡᠮ ᠤᠨ ᠠᠮᠤᠷ ᠲᠦᠪᠰᠢᠨ ᠤ ᠲᠤᠬᠠᠢ ᠬᠠᠨᠤᠮᠵᠢᠳᠠᠢ ᠪᠠᠶᠢᠬᠤ ᠬᠡᠮᠵᠢᠶ᠎ᠠ 90.6 % ᠪᠠᠶᠢᠭᠰᠠᠨ ᠠᠴᠠ ᠪᠠᠨ 98.4% ᠪᠣᠯᠵᠤ ᠳᠡᠭᠡᠭᠰᠢᠯᠡᠪᠡ᠃    ︽ᠬᠢᠯᠢ ᠬᠥᠭᠵᠢᠪᠡᠯ ᠬᠢᠵᠠᠭᠠᠷ ᠲᠣᠭᠲᠠᠭᠤᠨ ᠪᠠᠶᠢᠵᠤ᠂ ᠬᠢᠯᠢ ᠶᠢᠨ ᠠᠷᠠᠳ ᠪᠠᠶᠠᠵᠢᠪᠠᠯ ᠬᠢᠯᠢ ᠶᠢᠨ ᠬᠠᠮᠠᠭᠠᠯᠠᠯᠲᠠ ᠪᠠᠬᠢᠵᠢᠨ᠎ᠡ᠂ ᠪᠢᠳᠡ ᠬᠢᠯᠢ ᠬᠢᠵᠠᠭᠠᠷ ᠣᠷᠣᠨ ᠤ ᠬᠥᠮᠦᠨ ᠠᠮᠠ ᠶᠢᠨ ︽ᠬᠥᠨᠳᠡᠶᠢᠷᠡᠬᠦ︾ ᠠᠰᠠᠭᠤᠳᠠᠯ ᠳᠤ ᠴᠢᠭᠯᠡᠭᠦᠯᠦᠨ᠂ ᠬᠢᠯᠢ ᠬᠢᠵᠠᠭᠠᠷ ᠣᠷᠣᠨ ᠢ ᠪᠠᠬᠢᠵᠢᠭᠦᠯᠦᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠦᠶ᠋ᠯᠡᠰ ᠢ ᠬᠥᠭᠵᠢᠭᠦᠯᠦᠨ᠂ ᠬᠢᠯᠢ ᠬᠢᠵᠠᠭᠠᠷ ᠣᠷᠣᠨ ᠤ ᠣᠯᠠᠨ ᠨᠡᠶᠢᠲᠡ ᠶᠢᠨ ᠦᠨᠳᠦᠰᠦᠨ ᠦᠶ᠋ᠯᠡᠴᠢᠯᠡᠭᠡ ᠪᠠ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠩ ᠣᠯᠠᠨ ᠬᠥᠮᠦᠰ ᠤᠨ ᠬᠢᠯᠢ ᠬᠢᠵᠠᠭᠠᠷ ᠣᠷᠣᠨ ᠳᠤ ᠬᠦᠷᠴᠦ ᠠᠵᠢᠯ ᠬᠢᠵᠤ ᠦᠶ᠋ᠯᠡᠰ ᠪᠤᠰᠬᠠᠨ ᠰᠠᠭᠤᠷᠢᠰᠢᠵᠤ᠂ ᠬᠢᠯᠢ ᠬᠢᠵᠠᠭᠠᠷ ᠢ ᠰᠠᠬᠢᠨ ᠬᠠᠮᠠᠭᠠᠯᠠᠬᠤ ᠶᠢ ᠴᠢᠷᠮᠠᠶᠢᠨ ᠲᠠᠶᠢᠴᠢᠯᠠᠨ᠎ᠠ᠃ ᠡᠭᠦᠨ ᠤ ᠵᠡᠷᠭᠡ ᠪᠠᠷ᠂ ᠠᠮᠤᠷ ᠲᠦᠪᠰᠢᠨ ᠬᠥᠭᠵᠢᠯᠲᠡ ᠶᠢ ᠬᠥᠭᠵᠢᠯᠲᠡ ᠶᠢᠨ ᠡᠯ᠎ᠡ ᠬᠦᠷᠢᠶ᠎ᠡ ᠪᠣᠯᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠶᠡᠭᠡ ᠠᠮᠤᠷ ᠲᠦᠪᠰᠢᠨ ᠤ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠶᠡᠭᠡ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠦᠨ ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠬᠤᠷᠰᠢᠯᠴᠠᠯ ᠢ ᠠᠬᠢᠭᠤᠯᠵᠤ᠂ ᠥᠪᠥᠷ ᠮᠣᠩᠭᠤᠯ ᠤᠨ ᠲᠣᠭᠲᠠᠭᠤᠨ ᠢᠶᠠᠷ ᠬᠢᠯᠢ ᠬᠢᠵᠠᠭᠠᠷ ᠤᠨ ᠠᠮᠤᠷ ᠲᠦᠪᠰᠢᠨ ᠢ ᠨᠡᠩ ᠰᠠᠶᠢᠳᠤᠷ ᠰᠠᠬᠢᠨ ᠬᠠᠮᠠᠭᠠᠯᠠᠵᠤ᠂ ᠨᠡᠶᠢᠰᠯᠡᠯ ᠤᠨ ᠠᠮᠤᠷ ᠲᠦᠪᠰᠢᠨ ᠢ ᠨᠡᠩ ᠰᠠᠶᠢᠳᠤᠷ ᠬᠠᠮᠠᠭᠠᠯᠠᠨ᠎ᠠ᠃    ᠴᠢᠩ ᠰᠡᠳᠭᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠡᠷᠡᠰ ᠰᠣᠨᠣᠰᠴᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠤ ᠠᠯᠳᠠᠨ ᠦᠰᠦᠭᠲᠦ ᠫᠠᠶᠢᠰᠠ ᠶᠢ ᠤᠯᠠᠮ ᠠᠯᠳᠠᠷᠰᠢᠭᠤᠯᠪᠠ    ᠥᠪᠥᠷ ᠮᠣᠩᠭᠤᠯ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠪᠣᠯᠤᠭᠰᠠᠨ ᠤ ᠬᠤᠪᠢ ᠳᠤ᠂ ᠵᠢᠱᠢᠶᠡᠴᠢ ᠪᠤᠯᠵᠤ ᠴᠢᠳᠠᠭᠰᠠᠨ ᠨᠢ ᠨᠠᠮ ᠤᠨ ᠦᠭᠡ ᠶᠢ ᠰᠣᠨᠣᠰᠳᠠᠭ ᠲᠤ ᠪᠠᠶᠢᠨ᠎ᠠ᠃ ᠲᠤᠬᠠᠢ ᠶᠢᠨ ᠵᠢᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠠᠷᠤᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠂ ᠬᠤᠵᠢᠮ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ  ᠶᠢ ᠴᠥᠮ ᠨᠠᠮ ᠤᠨ ᠲᠥᠪ ᠬᠤᠷᠢᠶᠠᠨ ᠤ ᠬᠠᠯᠠᠮᠵᠢᠯᠠᠯ ᠳᠡᠮᠵᠢᠯᠭᠡ ᠳᠣᠣᠷ᠎ᠠ ᠣᠯᠤᠭᠰᠠᠨ ᠶᠤᠮ᠂ ᠥᠪᠥᠷ ᠮᠣᠩᠭᠤᠯ ᠤᠨ ᠠᠵᠢᠯ ᠳᠤᠮᠳᠠ ᠢᠯᠡᠷᠡᠭᠰᠡᠨ ᠠᠯᠳᠠᠭ᠎ᠠ ᠵᠦᠷᠢᠶ᠎ᠠ ᠪᠦᠬᠦᠨ ᠢ ᠴᠥᠮ ᠨᠠᠮ ᠤᠨ ᠲᠥᠪ ᠬᠤᠷᠢᠶ᠎ᠠ ᠵᠠᠯᠠᠷᠠᠭᠤᠯᠵᠤ ᠦᠭᠭᠦᠭᠰᠡᠨ ᠶᠤᠮ᠃ ᠨᠠᠮ ᠤᠨ ᠤᠳᠤᠷᠢᠳᠤᠯᠭ᠎ᠠ ᠪᠠᠶᠢᠭᠰᠠᠨ ᠠᠴᠠ᠂ ᠨᠠᠮ ᠤᠨ ᠦᠭᠡ ᠶᠢ ᠰᠣᠨᠣᠰᠤᠭᠰᠠᠨ ᠠᠴᠠ ᠰᠠᠶ᠋ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠵᠤ᠂ ᠥᠪᠥᠷ ᠮᠣᠩᠭᠤᠯ ᠤᠨ ᠥᠨᠥᠳᠦᠷ ᠤᠨ ᠡᠯ᠎ᠡ ᠵᠦᠢᠯ ᠤᠨ ᠠᠵᠢᠯ ᠦᠢᠯᠡᠰ ᠬᠦᠭᠵᠢᠨ ᠮᠠᠨᠳᠤᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠵᠣᠯ ᠵᠢᠷᠭᠠᠯ ᠠᠮᠤᠷ ᠠᠮᠤᠭᠤᠯᠠᠩ ᠪᠠᠶᠢᠵᠤ ᠴᠢᠳᠠᠵᠠᠢ᠃ ᠪᠢᠳᠠ ᠢᠮᠠᠭᠲᠠ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠡᠷᠡᠭᠦᠯ ᠢᠶᠠᠷ ᠭᠦᠨᠵᠡᠭᠡᠶᠢᠷᠡᠨ ᠬᠥᠭᠵᠢᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠴᠢᠩ ᠰᠡᠳᠭᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠪᠠ᠃ ᠨᠠᠮ ᠤᠨ ᠲᠥᠪ ᠬᠤᠷᠢᠶᠠᠨ ᠤ ᠬᠠᠯᠠᠮᠵᠢᠯᠠᠯ ᠪᠠ ᠳᠡᠮᠵᠢᠯᠭᠡ ᠳᠤᠤᠷ᠎ᠠ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠶᠠᠪᠤᠬᠤ ᠲᠤᠲᠤᠮ ᠰᠠᠶᠢᠵᠢᠷᠠᠵᠤ᠂ ᠲᠠᠩᠰᠠᠯᠵᠤ ᠺᠠᠷᠳ᠋ᠯᠠᠭᠰᠠᠨ 157 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠴᠥᠮ ᠶᠠᠳᠠᠭᠤ ᠠᠴᠠ ᠠᠩᠭᠢᠵᠢᠷᠠᠵᠤ᠂ ᠪᠥᠬᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠬᠦᠰᠡᠯ ᠵᠡᠭᠦᠳᠦ ᠶᠢ ᠲᠡᠷᠭᠡᠯᠰᠢᠭᠦᠯᠵᠤ᠂ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 16800 ᠲᠥᠭᠦᠷᠢᠭ ᠪᠠᠶᠢᠭᠰᠠᠨ ᠠᠴᠠ ᠪᠠᠨ 34108 ᠲᠥᠭᠦᠷᠢᠭ ᠪᠣᠯᠤᠨ ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠶ ᠲᠣᠰ ᠲᠣᠰ 2012 ᠣᠨ ᠤ ᠬᠢ ᠠᠴᠠ 5.4 ᠲᠡᠭᠰᠢ ᠳᠥᠷᠪᠡᠯᠵᠢᠨ ᠮᠧᠳ᠋ᠷ ᠪᠠ 7.9 ᠲᠡᠭᠰᠢ ᠳᠥᠷᠪᠡᠯᠵᠢᠨ ᠮᠧᠳ᠋ᠷ ᠨᠡᠮᠡᠭᠳᠡᠵᠦ᠂ ᠬᠤᠲᠠ ᠶᠢᠨ ᠬᠥᠮᠦᠨ ᠳᠤᠮᠳᠠᠴᠢ ᠳᠤ ᠨᠤᠬᠳᠠᠬᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ ᠪᠥᠬᠦ ᠤᠯᠤᠰ ᠤᠨ ᠳᠤᠮᠳᠠᠴᠢ ᠲᠦᠪᠰᠢᠨ ᠠᠴᠠ 40% ᠰᠢᠬᠠᠮ ᠥᠨᠳᠥᠷ ᠪᠠᠶᠢᠵᠤ᠂ ᠵᠠᠭᠤᠨ ᠬᠥᠮᠦᠨ ᠤ ᠲᠤᠮᠳᠠ ᠨᠤᠭᠳᠠᠬᠤ ᠮᠠᠰᠢᠨ ᠲᠡᠷᠭᠡᠨ ᠤ ᠬᠡᠮᠵᠢᠶ᠎ᠡ ᠪᠥᠬᠦ ᠤᠯᠤᠰ ᠤᠨ ᠭᠤᠷᠪᠠᠳᠤᠭᠠᠷ ᠲᠤ ᠣᠷᠣᠵᠤ᠂ ᠭᠤᠤᠯ ᠪᠣᠯᠬᠤ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠥᠬᠦ ᠤᠯᠤᠰ ᠤᠨ ᠳᠤᠮᠳᠠᠴᠢ ᠲᠦᠪᠰᠢᠨ ᠳᠤ ᠬᠦᠷᠦᠭᠰᠡᠨ ᠪᠤᠶᠤ ᠳᠠᠪᠠᠵᠠᠢ᠃    ᠦᠨᠳᠦᠰᠦᠲᠡᠨ ᠤ ᠪᠦᠯᠬᠦᠮᠳᠡᠯ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠃ ᠪᠢᠳᠡ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠬᠤᠪᠢᠰᠬᠠᠯᠳᠤ ᠤᠳᠤᠮᠰᠢᠯ ᠢ ᠤᠯᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠴᠢᠩᠭ᠎ᠠ ᠠᠳᠬᠤᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠡᠯ᠎ᠡ ᠵᠦᠢᠯ ᠤᠨ ᠠᠵᠢᠯ ᠢ ᠦᠨᠡᠨ ᠪᠣᠳᠠᠲᠠᠢ ᠪᠥᠭᠡᠳ ᠪᠦᠲᠦᠮᠵᠢᠲᠡᠢ ᠰᠠᠶᠢᠲᠤᠷ ᠬᠢᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠪᠣᠳᠠᠲᠠᠢ ᠠᠰᠠᠭᠤᠳᠠᠯ ᠢ ᠰᠡᠳᠭᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠳᠤ ᠨᠡᠩ ᠶᠡᠭᠡ ᠬᠤᠪᠢᠷᠠᠯᠲᠠ ᠶᠢ ᠦᠵᠡᠭᠦᠯᠵᠦ᠂ ᠨᠡᠩ ᠤᠯᠠᠨ ᠪᠣᠳᠠᠲᠤ ᠠᠰᠢᠭ ᠬᠦᠷᠲᠡᠭᠡᠵᠦ᠂ ᠨᠡᠩ ᠵᠣᠯ ᠵᠢᠷᠭᠠᠯ ᠲᠠᠢ ᠰᠠᠨᠠᠭᠳᠠᠭᠤᠯᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠤ᠂ ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠪᠦᠳᠦᠭᠡᠨ ᠪᠠᠶᠢᠭᠤᠯᠵᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠬᠤ ᠶᠢ ᠠᠬᠢᠭᠤᠯᠤᠨ᠎ᠠ᠃    ᠨᠠᠮ ᠢ ᠴᠢᠩᠭ᠎ᠠ ᠵᠠᠰᠠᠬᠤ ᠶᠢ ᠠᠳᠬᠤᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠵᠤ᠂ ᠤᠯᠤᠰ ᠲᠦᠷᠦ ᠶᠢᠨ ᠠᠮᠢ ᠠᠬᠤᠢ ᠶᠢ ᠲᠦᠷᠭᠡᠳᠭᠡᠨ ᠴᠡᠪᠡᠷᠰᠢᠭᠦᠯᠦᠨ ᠰᠡᠷᠭᠦᠭᠡᠪᠡ    ᠥᠩᠭᠡᠷᠡᠭᠰᠡᠨ ᠨᠢᠭᠡ ᠬᠤᠭᠤᠴᠠᠭᠠᠨ ᠳᠤ᠂ ᠥᠪᠥᠷ ᠮᠣᠩᠭᠤᠯ ᠤᠨ ᠵᠠᠷᠢᠮ ᠭᠠᠵᠠᠷ ᠣᠷᠣᠨ ᠪᠠ ᠬᠦᠷᠢᠶᠡᠨ ᠳᠤ ᠬᠦᠨᠳᠦ ᠨᠣᠴᠢᠲᠠᠢ ᠢᠯᠵᠠᠷᠠᠯ ᠤᠨ ᠠᠰᠠᠭᠤᠳᠠᠯ ᠡᠭᠦᠰᠴᠤ᠂ ᠤᠯᠤᠰ ᠲᠦᠷᠦ ᠶᠢᠨ ᠠᠮᠢ ᠠᠬᠤᠢ ᠬᠤᠬᠢᠷᠠᠯ ᠳᠤ ᠤᠴᠠᠷᠠᠪᠠ᠃ ᠪᠢᠳᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠢᠯᠵᠠᠷᠡᠯ ᠢ ᠵᠠᠯᠬᠠᠭᠠᠨ ᠵᠠᠰᠠᠵᠤ᠂ ᠢᠯᠵᠠᠷᠡᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠴᠢᠨᠠᠷᠲᠠᠢ ᠢᠯᠠᠯᠲᠠ ᠣᠯᠤᠭᠰᠠᠨ ᠪᠥᠭᠡᠳ ᠪᠦᠬᠦ ᠲᠠᠯ᠎ᠠ ᠪᠠᠷ ᠪᠠᠬᠢᠵᠢᠪᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠬᠠᠤᠯᠢ ᠠᠴᠠ ᠵᠥᠷᠢᠴᠡᠭᠰᠡᠨ ᠠᠰᠠᠭᠤᠳᠠᠯ ᠳᠤ ︽20 ᠵᠢᠯ ᠭᠡᠳᠡᠷᠭᠦ ᠪᠠᠶᠢᠴᠠᠭᠠᠬᠤ︾ ᠠᠵᠢᠯ ᠢ ᠴᠢᠩᠭ᠎ᠠ ᠠᠳᠬᠤᠵᠤ᠂ ᠤᠯᠤᠰ ᠲᠥᠷᠥ ᠶᠢᠨ ᠠᠮᠢ ᠠᠬᠤᠶ ᠶᠢ ᠪᠣᠬᠢᠷᠲᠤᠭᠤᠯᠤᠭᠰᠠᠨ ᠬᠠᠮᠤᠭ ᠤᠨ ᠶᠡᠭᠡ ︽ᠬᠤᠤᠷᠲᠤ ᠬᠠᠪᠤᠳᠠᠷ︾᠎ ᠢ ᠬᠦᠴᠦᠯᠡᠨ ᠠᠷᠢᠯᠭᠠᠵᠤ᠂ ᠣᠲᠣ ᠪᠣᠯᠲᠠᠯ᠎ᠠ ᠨᠡᠭᠦᠷᠡᠰᠦ ᠲᠠᠢ ᠬᠤᠯᠪᠣᠭᠳᠠᠭᠰᠠᠨ 789 ᠬᠡᠷᠡᠭ᠂ 1163 ᠬᠥᠮᠦᠨ ᠢ ᠪᠠᠶᠢᠴᠠᠭᠠᠨ ᠰᠢᠶ᠋ᠳᠪᠦᠷᠢᠯᠡᠪᠡ᠂ ᠡᠭᠦᠨ ᠳᠤ ᠲᠢᠩᠬᠢᠮ ᠲᠣᠪᠴᠢᠶ᠎ᠠ ᠶᠢᠨ ᠲᠠᠰ ᠤᠨ ᠺᠠᠳ᠋ᠷ 73 ᠬᠥᠮᠦᠨ᠂ ᠰᠢᠶᠠᠨ ᠭᠠᠵᠠᠷ ᠤᠨ ᠲᠠᠰ ᠤᠨ ᠺᠠᠳ᠋ᠷ 286 ᠬᠥᠮᠦᠨ ᠪᠠᠶᠢᠵᠤ᠂ 608 ᠳ᠋ᠦᠩᠰᠢᠭᠤᠷ ᠲᠥᠭᠦᠷᠢᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠤᠬᠢᠷᠠᠯ ᠢ ᠡᠭᠡᠭᠦᠯᠦᠨ ᠠᠪᠴᠢᠷᠠᠵᠤ᠂ 299 ᠳ᠋ᠦᠩᠰᠢᠭᠤᠷ ᠲᠣᠨ ᠨᠡᠭᠦᠷᠡᠰᠦᠨ ᠤ ᠡᠬᠢ ᠪᠠᠶᠠᠯᠢᠭ ᠢ ᠴᠡᠪᠡᠷᠯᠡᠨ ᠬᠤᠷᠢᠶᠠᠪᠠ᠃ ᠬᠢᠳᠤᠭᠠᠨ ᠢᠷ ᠢ ᠳᠣᠲᠣᠭᠰᠢ ᠪᠠᠨ ᠬᠠᠨᠳᠤᠭᠤᠯᠤᠭᠰᠠᠨ ᠶᠠᠰᠤ ᠶᠢ ᠬᠤᠰᠤᠵᠤ ᠬᠤᠣᠷ ᠢ ᠠᠷᠢᠯᠭᠠᠬᠤ ᠠᠵᠢᠯ ᠪᠠ ᠨᠠᠮ ᠤᠨ ᠳᠣᠲᠣᠭᠠᠳᠤ ᠶᠢᠨ ᠲᠥᠪᠯᠡᠷᠡᠩᠭᠦᠢ ᠴᠢᠨᠡᠷᠳᠡᠢ ᠬᠥᠮᠦᠵᠢᠯ ᠤᠨ ᠳᠠᠪᠲᠠᠯᠳᠠ ᠠᠷᠢᠭᠤᠳᠬᠠᠯ ᠢᠶᠠᠷ ᠲᠠᠮᠵᠢᠨ᠂ ᠪᠦᠬᠦ ᠣᠷᠣᠨ ᠤ ᠤᠯᠤᠰ ᠲᠦᠷᠦ ᠶᠢᠨ ᠠᠮᠢ ᠠᠬᠤᠢ ᠡᠳᠦᠷ ᠢᠷᠡᠬᠦᠶ᠎ᠡ ᠴᠡᠪᠡᠷᠰᠢᠵᠦ᠂ ᠨᠠᠮ ᠤᠨ ᠰᠤᠷᠲᠠᠯ ᠵᠠᠰᠠᠭ ᠤᠨ ᠰᠤᠷᠲᠠᠯ ᠦᠷᠭᠦᠯᠵᠢᠯᠡᠨ ᠰᠠᠶᠢᠵᠢᠷᠠᠪᠠ᠃    ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ ᠶᠤᠮ᠃ ᠪᠢᠳᠡ ᠡᠴᠦᠰ ᠲᠤᠨᠢ ᠲᠤᠯᠲᠠᠯ᠎ᠠ ᠠᠳᠬᠤᠬᠤ ᠪᠠᠷᠢᠮᠲᠠᠯᠠᠯ ᠪᠣᠯᠤᠨ ᠡᠴᠦᠰ ᠲᠤᠨᠢ ᠲᠤᠯᠲᠠᠯ᠎ᠠ ᠴᠢᠩᠭ᠎ᠠ ᠠᠳᠬᠤᠬᠤ ᠡᠷᠴᠢ ᠵᠣᠷᠢᠭ ᠢᠶᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠵᠤ᠂ ᠢᠯᠵᠠᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠪᠦᠬᠦ ᠣᠷᠣᠨ ᠤ ᠤᠯᠤᠰ ᠲᠦᠷᠦ ᠶᠢᠨ ᠠᠮᠢ ᠠᠬᠤᠢ ᠶᠢ ᠪᠦᠬᠦ ᠲᠠᠯ᠎ᠠ ᠪᠠᠷ ᠲᠠᠬᠢᠨ ᠴᠣᠭᠴᠠᠯᠠᠵᠤ᠂ ᠦᠨᠳᠦᠰᠦᠨ ᠠᠴᠠ ᠨᠢ ᠰᠠᠶᠢᠵᠢᠷᠠᠭᠤᠯᠬᠤ ᠶᠢ ᠲᠦᠷᠭᠡᠳᠭᠡᠨ ᠠᠬᠢᠭᠤᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠰᠠᠨᠠᠭᠠᠴᠢᠯᠠᠭᠰᠠᠨ ︽ᠮᠣᠩᠭᠤᠯ ᠮᠣᠷᠢᠨ ᠤ ᠵᠣᠷᠢᠭ ᠰᠠᠨᠠᠭ᠎ᠠ︾᠎ ᠶᠢ ᠶᠡᠭᠡ ᠪᠠᠷ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠯ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠠᠷᠪᠠᠨ ᠬᠤᠶᠠᠷ ᠵᠤᠷᠪᠤᠰ ᠠᠷᠭ᠎ᠠ ᠬᠡᠮᠵᠢᠶ᠎ᠡ ᠪᠠ ᠠᠯᠳᠠᠭ᠎ᠠ ᠪᠤᠷᠤᠭᠤ ᠶᠢ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠨᠠᠶ᠋ᠮᠠᠨ ᠵᠤᠷᠪᠤᠰ ᠰᠠᠨᠠᠯ ᠢ ᠰᠠᠶᠢᠲᠤᠷ ᠨᠠᠶᠢᠳᠠᠪᠤᠷᠢᠵᠢᠭᠤᠯᠵᠤ᠂ ᠦᠬᠡᠨᠴᠡ ᠵᠠᠰᠠᠭ ᠵᠠᠯᠬᠠᠭᠤ ᠵᠠᠰᠠᠭ ᠤᠨ ᠦᠵᠡᠭᠳᠡᠯ ᠢ ᠡᠷᠡᠰ ᠴᠡᠭᠴᠡᠯᠡᠨ ᠵᠠᠰᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠬᠠᠷᠢᠭᠤᠴᠠᠯᠭᠠᠲᠤ ᠤᠬᠠᠮᠰᠠᠷ᠂ ᠲᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢ ᠨᠢ ᠴᠢᠩᠭᠠᠳᠬᠠᠵᠤ᠂ ᠴᠠᠭ ᠮᠥᠴᠡ ᠲᠠᠢ ᠤᠷᠤᠯᠳᠤᠨ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ ᠢᠶᠠᠷ ᠠᠵᠢᠯ ᠬᠢᠵᠦ ᠦᠶ᠋ᠯᠡᠰ ᠪᠤᠰᠬᠠᠵᠤ᠂ ᠥᠪᠥᠷ ᠮᠣᠩᠭᠤᠯ ᠤᠨ ᠺᠠᠳ᠋ᠷ ᠤᠨ ᠰᠠᠶᠢᠨ ᠰᠠᠶᠢᠬᠠᠨ ᠳᠦᠷᠢ ᠲᠥᠷᠬᠦ ᠶᠢ ᠱᠤᠭᠤᠨ᠎ᠠ᠃    ᠰᠢᠨ᠎ᠡ ᠴᠠᠭ ᠦᠶ᠎ᠡ ᠶᠢᠨ ᠶᠡᠷᠦ ᠪᠤᠰᠤ ᠶᠢᠨ ᠥᠩᠭᠡᠷᠡᠯᠲᠡ ᠶᠢ ᠡᠷᠭᠢᠴᠡᠭᠦᠯᠪᠡᠯ᠂ ᠥᠪᠥᠷ ᠮᠣᠩᠭᠤᠯ ᠤᠨ ᠡᠯ᠎ᠡ ᠵᠦᠶ᠋ᠯ ᠤᠨ ᠠᠵᠢᠯ ᠦᠶ᠋ᠯᠡᠰ ᠲᠠᠰᠤᠷᠠᠯᠲᠠ ᠥᠬᠡᠶ ᠬᠥᠭᠵᠢᠨ ᠳᠡᠪᠰᠢᠵᠦ᠂ ᠦᠯᠡᠮᠵᠢ ᠶᠡᠭᠡ ᠦᠷ᠎ᠡ ᠪᠦᠲᠦᠭᠡᠯ ᠣᠯᠵᠤ ᠴᠢᠳᠠᠭᠰᠠᠨ ᠤ ᠬᠠᠮᠤᠭ ᠤᠨ ᠦᠨᠳᠦᠰᠦᠨ ᠰᠢᠯᠲᠠᠭᠠᠨ ᠨᠢ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠠᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠳᠤ ᠪᠠᠶᠢᠨ᠎ᠠ᠃ ᠤᠷᠤᠭᠰᠢᠯᠠᠯᠲᠠ ᠶᠢᠨ ᠵᠠᠮ ᠳᠡᠭᠡᠷ᠎ᠡ᠂ ᠪᠢᠳᠡ ︽ᠬᠤᠶᠠᠷ ᠢ ᠲᠣᠭᠲᠠᠭᠠᠭᠰᠠᠨ︾᠎ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠯᠠᠪᠳᠠᠭᠤᠨ ᠪᠠᠲᠤᠲᠠᠶ ᠤᠷᠤᠭᠰᠢᠯᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ︾᠂ ︽ᠨᠢᠭᠡ ᠪᠠᠬᠢᠯᠡᠯᠲᠡ︾᠎ ᠶᠢ ᠪᠥᠬᠦ ᠬᠦᠴᠦᠨ ᠢᠶᠠᠷ ᠢᠶᠠᠨ ᠰᠠᠶᠢᠲᠤᠷ ᠪᠥᠲᠥᠭᠡᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠵᠦ ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠠᠩ ᠦᠵᠡᠰᠭᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠤᠨ᠎ᠠ᠃    
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1