ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠢ | ᠳᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠦᠨᠳᠦᠰᠦᠲᠡᠨ ᠤ ᠭᠠᠵᠠᠷ ᠣᠷᠣᠨ ᠤ ᠠᠷᠠᠯᠵᠢᠶᠠᠨ ᠤ | ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠬᠠᠮᠲᠤᠷᠠᠨ ︽ᠦᠨᠳᠦᠰᠦᠲᠡᠨ ᠤ ᠠᠷᠠᠯᠵᠢᠶ᠎ᠠ ᠪᠠ | ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠤᠨ ᠳᠠᠮ ᠬᠦᠦ ᠲᠠᠢ ᠵᠢᠭᠡᠯᠡᠯᠭᠡ ᠶᠢᠨ ᠪᠡᠯᠡ | ᠮᠥᠩᠭᠦ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ︵ᠳᠣᠷᠣᠭᠰᠢ ︽ᠬᠡᠷᠡᠭᠵᠢᠭᠦᠯᠬᠦ ᠨᠠᠷᠢᠨ ᠳᠦᠷᠢᠮ | ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ︽ᠬᠡᠷᠡᠭᠵᠢᠭᠦᠯᠬᠦ ᠨᠠᠷᠢᠨ ᠳᠦᠷᠢᠮ︾ ᠳᠤ ᠶᠡᠷᠦᠩᠬᠡᠢ ᠳᠦᠷᠢᠮ᠂ ᠲᠥᠰᠥᠪ ᠤᠨ ᠬᠠᠮᠢᠶᠠᠷᠤᠯᠲᠠ ᠪᠠ ᠳᠠᠮ | ᠬᠦᠦ ᠶᠢᠨ ᠪᠠᠷᠢᠮᠵᠢᠶ᠎ᠠ ᠵᠢᠴᠢ ᠨᠥᠬᠦᠴᠡᠯ᠂ ᠪᠡᠯᠡ ᠮᠥᠩᠭᠦ ᠭᠤᠶᠤᠴᠢᠯᠠᠬᠤ᠂ ᠬᠢᠨᠠᠨ ᠬᠠᠷᠭᠤᠭᠤᠯᠬᠤ᠂ ᠰᠠᠯᠭᠠᠨ ᠥᠭᠬᠦ | ᠂ ᠬᠢᠨᠠᠯᠲᠠ ᠬᠠᠮᠢᠶᠠᠷᠤᠯᠲᠠ᠂ ᠳᠠᠭᠠᠯᠳᠤᠭᠤᠯᠤᠯ ᠳᠦᠷᠢᠮ ᠵᠡᠷᠭᠡ ᠶᠢ ᠪᠠᠭᠲᠠᠭᠠᠭᠰᠠᠨ ᠨᠡᠶᠢᠲᠡ ᠲᠠᠪᠤᠨ ᠪᠦᠯᠦᠭ ᠠᠷᠪᠠᠨ | ᠵᠢᠷᠭᠤᠭᠠᠨ ᠵᠦᠢᠯ ᠲᠠᠢ᠃ ︽ᠬᠡᠷᠡᠭᠵᠢᠭᠦᠯᠬᠦ ᠨᠠᠷᠢᠨ ᠳᠦᠷᠢᠮ︾ ᠢ 2022 ᠣᠨ ᠤ 10 ᠳ᠋ᠤᠭᠠᠷ ᠰᠠᠷ᠎ᠠ ᠶᠢᠨ 5 ᠤ | ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ | ︽ᠬᠡᠷᠡᠭᠵᠢᠭᠦᠯᠬᠦ ᠨᠠᠷᠢᠨ ᠳᠦᠷᠢᠮ︾ ᠳᠤ ᠲᠣᠳᠣᠷᠬᠠᠢ ᠲᠣᠭᠲᠠᠭᠠᠭᠰᠠᠨ ᠨᠢ᠂ ᠦᠨᠳᠦᠰᠦᠲᠡᠨ ᠤ ᠠᠷᠠᠯᠵᠢᠶ᠎ᠠ ᠪᠠ | ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠤᠨ ᠵᠢᠭᠡᠯᠡᠯᠭᠡ ᠶᠢᠨ ᠳᠠᠮ ᠬᠦᠦ ᠨᠢ᠂ | ᠤᠯᠤᠰ ᠠᠴᠠ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ | ᠬᠡᠷᠡᠭᠴᠡᠭᠡ ᠶᠢ ᠬᠠᠩᠭᠠᠵᠤ᠂ ᠦᠨᠳᠦᠰᠦᠲᠡᠨ ᠤ ᠭᠠᠵᠠᠷ ᠣᠷᠣᠨ ᠤ ᠠᠷᠠᠯᠵᠢᠶᠠᠨ ᠤ ᠬᠥᠭᠵᠢᠯᠲᠡ ᠶᠢ ᠠᠬᠢᠭᠤᠯᠤᠨ᠂ | ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠬᠠᠩᠭᠠᠯᠭ᠎ᠠ ᠶᠢ ᠪᠠᠲᠤᠯᠠᠬᠤ ᠶᠢᠨ ᠲᠤᠰᠠᠳᠠ᠂ | ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠪᠣᠯᠣᠨ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ | ᠴᠡᠭ ᠲᠣᠭᠲᠠᠭᠠᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠦᠨᠳᠦᠰᠦᠲᠡᠨ ᠤ ᠠᠷᠠᠯᠵᠢᠶ᠎ᠠ ᠪᠣᠯᠣᠨ | ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠢ ᠥᠷᠨᠢᠭᠦᠯᠬᠦ ᠳᠤ ᠬᠡᠷᠡᠭᠯᠡᠬᠦ ᠭᠦᠢᠯᠭᠡᠭᠡᠨ ᠤ | ᠪᠡᠯᠡ ᠮᠥᠩᠭᠦ ᠶᠢᠨ ᠵᠢᠭᠡᠯᠡᠯᠭᠡ ᠳᠤ ᠣᠯᠭᠤᠬᠤ ᠳᠠᠮ ᠬᠦᠦ ᠶᠢᠨ ᠨᠥᠬᠦᠪᠦᠷᠢ ᠶᠢ ᠵᠢᠭᠠᠵᠤ ᠪᠣᠢ᠂ ᠳᠠᠮ ᠬᠦᠦ ᠲᠠᠢ | ᠠᠵᠤ ᠠᠬᠤᠶᠢᠯᠠᠯ ᠤᠨ ᠬᠦᠷᠢᠶ᠎ᠡ ᠬᠡᠪᠴᠢᠶ᠎ᠡ ᠶᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ | ᠰᠠᠯᠪᠤᠷᠢ ᠪᠠᠩᠬᠢ ᠶᠢᠨ ᠬᠠᠮᠲᠤ ᠪᠠᠷ ᠲᠣᠭᠲᠠᠭᠠᠭᠰᠠᠨ ᠪᠥᠭᠡᠳ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ | ᠵᠦᠪᠯᠡᠯ ᠳᠤ ᠳᠠᠩᠰᠠᠯᠠᠭᠤᠯᠤᠭᠰᠠᠨ ᠤ ᠳᠠᠷᠠᠭᠠᠬᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠷᠠᠯᠵᠢᠶ᠎ᠠ ᠶᠢᠨ | ᠠᠵᠤ ᠠᠬᠤᠶᠢᠯᠠᠯ ᠪᠣᠯᠣᠨ᠎ᠠ᠂ ᠳᠠᠮ ᠬᠦᠦ ᠶᠢᠨ ᠲᠥᠷᠥ ᠶᠢᠨ ᠪᠣᠳᠣᠯᠭ᠎ᠠ ᠶᠢ 2025 ᠣᠨ ᠪᠣᠯᠲᠠᠯ᠎ᠠ | ᠬᠡᠷᠡᠭᠵᠢᠭᠦᠯᠦᠨ᠎ᠡ᠃ | ︽ᠬᠡᠷᠡᠭᠵᠢᠭᠦᠯᠬᠦ ᠨᠠᠷᠢᠨ ᠳᠦᠷᠢᠮ︾ ᠳᠤ᠂ ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ | ᠬᠡᠷᠡᠭᠴᠡᠭᠡᠨ ᠤ ᠲᠠᠸᠠᠷ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠨᠢ ᠦᠨᠳᠦᠰᠦᠲᠡᠨ ᠤ | ᠠᠷᠠᠯᠵᠢᠶᠠᠨ ᠤ ᠵᠢᠭᠡᠯᠡᠯᠭᠡ᠂ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠵᠢᠭᠡᠯᠡᠯᠭᠡ ᠶᠢ ᠳᠡᠮᠵᠢᠨ᠎ᠡ᠃ | ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠠᠵᠤ ᠠᠬᠤᠶᠢᠯᠠᠯ ᠤᠨ | ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢ 1 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ | ᠮᠡᠳᠡᠭᠦᠯᠦᠭᠰᠡᠨ ᠦᠨ᠎ᠡ ᠬᠠᠩᠰᠢ ᠶᠢᠨ ᠬᠦᠦ ᠮᠥᠩᠭᠦ ᠶᠢᠨ ᠨᠤᠷᠮ᠎ᠠ ︵LPR︶ ᠶᠢᠨ ᠨᠡᠮᠡᠬᠦ ᠬᠠᠰᠤᠬᠤ ᠴᠡᠭ ᠤᠨ | ᠠᠷᠭ᠎ᠠ ᠮᠠᠶ᠋ᠢᠭ ᠢᠶᠠᠷ ᠯᠠᠪᠯᠠᠯᠲᠠ ᠪᠣᠯᠭᠠᠨ ᠲᠣᠭᠲᠠᠭᠠᠨ᠎ᠠ᠃ ᠵᠢᠭᠡᠯᠡᠯᠭᠡ ᠳᠤ ᠵᠢᠭᠡᠯᠡᠯᠭᠡ ᠶᠢᠨ ᠡᠬᠡ ᠮᠥᠩᠭᠦ ᠶᠢᠨ | ᠵᠣᠭᠤᠰ ᠤᠨ ᠲᠤᠭ᠎ᠠ ᠶᠢᠨ 2. 88% ᠠᠴᠠ ᠥᠨᠳᠥᠷ ᠪᠠᠶᠢᠯᠭᠠᠵᠤ ᠪᠣᠯᠬᠤ ᠦᠭᠡᠢ ᠬᠢᠷᠢ ᠬᠡᠮᠵᠢᠶ᠎ᠡ ᠪᠠᠷ ᠡᠳ᠋ ᠤᠨ | ᠵᠠᠰᠠᠭ ᠤᠨ ᠳᠠᠮ ᠬᠦᠦ ᠮᠥᠩᠭᠦ ᠲᠣᠬᠢᠷᠠᠭᠤᠯᠵᠤ᠂ 2.88% ᠶᠢᠨ ᠵᠢᠭᠡᠯᠡᠯᠭᠡ ᠶᠢᠨ ᠬᠦᠦ ᠮᠥᠩᠭᠦ ᠶᠢᠨ | ᠨᠣᠷᠮ᠎ᠠ ᠠᠴᠠ ᠳᠣᠣᠷ᠎ᠠ ᠪᠠᠶᠢᠬᠤ ᠶᠢ ᠨᠢ ᠪᠣᠳᠠᠲᠠᠢ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠪᠠᠷ ᠡᠳ᠋ ᠤᠨ | ᠵᠠᠰᠠᠭ ᠤᠨ ᠳᠠᠮ ᠬᠦᠦ ᠮᠥᠩᠭᠦ ᠣᠯᠭᠤᠨ᠎ᠠ᠃ ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ | ᠬᠡᠷᠡᠭᠴᠡᠭᠡᠨ ᠤ ᠲᠠᠸᠠᠷ ᠤᠨ ᠵᠢᠭᠡᠯᠡᠯᠭᠡ ᠶᠢᠨ ᠳᠠᠮ ᠬᠦᠦ ᠶᠢᠨ ᠵᠣᠭᠤᠰ ᠤᠨ ᠲᠤᠭ᠎ᠠ ᠶᠢ ᠭᠠᠭᠴᠠ ᠡᠷᠦᠬᠡ ᠪᠠᠷ ᠨᠢ | 600 ᠲᠦᠮᠡᠨ ᠲᠥᠭᠦᠷᠢᠭ ︵600 ᠲᠦᠮᠡᠨ ᠲᠥᠭᠦᠷᠢᠭ ᠪᠠᠭᠲᠠᠨ᠎ᠠ︶ ᠠᠴᠠ ᠬᠡᠲᠦᠷᠡᠭᠦᠯᠬᠦ ᠦᠭᠡᠢ ᠪᠠᠷ ᠡᠳ᠋ ᠤᠨ | ᠵᠠᠰᠠᠭ ᠤᠨ ᠳᠠᠮ ᠬᠦᠦ ᠣᠯᠭᠤᠨ᠎ᠠ ᠭᠡᠵᠦ ᠲᠣᠭᠲᠠᠭᠠᠵᠠᠢ᠃ | |