ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ 9 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠤ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/10/28
    9 ᠰᠠᠷ᠎ᠠ ᠶᠢᠨ 22᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ 9 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠳᠡᠭᠡᠷ᠎ᠡ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠭᠤᠣᠯ ᠰᠡᠳᠦᠪ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠷᠠᠯ ᠠᠴᠠ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢᠨ ᠦᠨᠳᠦᠰᠦ ᠨᠢ ᠶᠡᠷᠦᠩᠬᠡᠢ ᠱᠦᠵᠢ ᠰᠢ  ᠶᠢᠨ ᠫᠢᠩ ᠤᠨ ᠵᠠᠯᠠᠭᠤᠷ ᠢ ᠠᠳᠬᠤᠨ ᠠᠶᠠᠯᠠᠯ ᠢ ᠵᠢᠯᠣᠭᠤᠳᠤᠭᠰᠠᠨ ᠳᠤ ᠪᠠᠶᠢᠨ᠎ᠠ᠂ ᠡᠷᠬᠡᠪᠰᠢ ︽ᠬᠤᠶᠠᠷ ᠢ ᠲᠣᠭᠲᠠᠭᠠᠭᠰᠠᠨ ︾᠎ ᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠢᠮᠠᠭᠲᠠ ᠵᠥᠪ ᠤᠯᠤᠰ ᠲᠦᠷᠦ ᠶᠢᠨ ᠴᠢᠭᠯᠡᠯ ᠢᠶᠠᠷ ᠡᠷᠡᠰ ᠪᠠᠲᠤ ᠤᠷᠤᠭᠰᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ ᠬᠤᠷᠢᠨ ᠨᠢᠭᠡᠳᠦᠭᠡᠷ ᠵᠠᠭᠤᠨ ᠤ ᠮᠠᠷᠺᠰ ᠤᠨ ᠦᠵᠡᠯ ᠮᠥᠨ᠂ ᠡᠷᠬᠡᠪᠰᠢ ᠡᠨᠡ ᠬᠦ ᠦᠵᠡᠯ ᠰᠠᠨᠠᠭᠠᠨ ᠤ ᠦᠨᠢᠳᠡ ᠶᠢᠨ ᠡᠷᠡᠰ ᠪᠠᠲᠤ ᠰᠢᠲᠦᠭᠴᠢ᠂ ᠢᠳᠡᠪᠬᠢᠲᠡᠢ ᠳᠠᠮᠵᠢᠭᠤᠯᠤᠭᠴᠢ᠂ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠪᠣᠯ ᠵᠠᠶᠢᠯᠠᠰᠢ ᠦᠭᠡᠢ ᠰᠣᠩᠭᠤᠯᠲᠠ ᠮᠥᠨ᠂ ᠡᠷᠬᠡᠪᠰᠢ ︽ᠬᠤᠶᠠᠷ ᠬᠠᠯᠬᠠᠪᠴᠢ︾᠎ ᠶᠢ ᠡᠷᠡᠰ ᠭᠤᠶᠢᠪᠢᠰᠢ ᠦᠭᠡᠢ ᠪᠠᠬᠢᠵᠢᠭᠦᠯᠵᠦ᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾᠎ ᠶᠢ ᠪᠠᠶᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ᠰᠡᠳᠭᠢᠯ ᠨᠢᠭᠡᠳᠤᠨ ᠬᠦᠴᠦ ᠪᠠᠨ ᠬᠠᠮᠲᠤᠳᠬᠠᠵᠤ ᠥᠪᠥᠷ ᠮᠣᠩᠭᠤᠯ ᠤᠨ ᠪᠦᠬᠦ ᠲᠠᠯ᠎ᠠ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠣᠯ ᠮᠠᠨ ᠤ ᠨᠠᠮ ᠤᠨ ᠬᠠᠮᠤᠭ ᠤᠨ ᠢᠯᠡ ᠲᠣᠳᠣ ᠬᠡᠪ ᠴᠢᠨᠠᠷ ᠮᠥᠨ᠂ ᠡᠷᠬᠡᠪᠰᠢ ︽ᠰᠢᠯᠭᠠᠯᠲᠠ ᠳᠤ ᠣᠷᠣᠯᠴᠠᠬᠤ︾᠎ ᠶᠢᠨ ᠰᠡᠷᠭᠡᠭ ᠴᠢᠨᠠᠷ ᠪᠠ ᠡᠷᠡᠰ ᠪᠠᠲᠤ ᠴᠢᠨᠠᠷ ᠢ ᠡᠭᠦᠷᠢᠳᠡ ᠪᠠᠲᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠳᠠᠩᠰᠠ ᠲᠤᠰᠢᠶᠠᠬᠤ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠨᠢᠭᠡ ᠯᠡ ᠰᠡᠳᠭᠢᠯ ᠢᠶᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃    
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1