ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ ᠶᠢ | ᠦᠨᠳᠦᠰᠦᠯᠡᠪᠡᠯ᠄ ᠣᠲᠣ ᠪᠣᠯᠲᠠᠯ᠎ᠠ᠂ ᠪᠥᠬᠦ ᠣᠷᠣᠨ ᠤ 12 ᠠᠶᠢᠮᠠᠭ ᠬᠤᠲᠠ ᠴᠥᠮ ᠮᠠᠯᠴᠢᠨ ᠲᠠᠷᠢᠶᠠᠴᠢᠨ ᠤ | ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠵᠥᠭᠡᠭᠡᠪᠦᠷᠢᠯᠡᠬᠦ ᠠᠵᠢᠯ ᠢ ᠡᠬᠢᠯᠡᠭᠦᠯᠪᠡ᠃ | ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠪᠣᠯ | ᠠᠷᠠᠳ ᠤᠨ ᠠᠮᠢᠳᠤᠷᠠᠯ ᠤᠨ ᠴᠢᠬᠤᠯᠠ ᠠᠵᠢᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ | ᠪᠠᠲᠤᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠢᠳᠡᠪᠬᠢᠲᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠴᠠᠭ | ᠲᠤᠬᠠᠢ ᠳᠤ ᠨᠢ ᠪᠠᠶᠢᠷᠢᠯᠠᠭᠤᠯᠵᠤ᠂ ᠨᠠᠷᠢᠨ ᠨᠢᠮᠪᠠᠢ ᠲᠣᠬᠢᠷᠠᠭᠤᠯᠤᠨ᠂ ᠡᠯ᠎ᠡ ᠭᠠᠵᠠᠷ ᠣᠷᠣᠨ ᠯᠤᠭ᠎ᠠ ᠵᠣᠬᠢᠴᠠᠭᠤᠯᠤᠨ | ᠵᠣᠯᠭᠠᠭᠤᠯᠬᠤ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠨᠡᠭᠦᠷᠡᠰᠦᠨ ᠤ ᠬᠡᠷᠡᠭᠯᠡᠭᠡ ᠶᠢ ᠪᠠᠲᠤᠯᠠᠬᠤ ᠠᠵᠢᠯ ᠢ ᠪᠥᠬᠦ | ᠬᠦᠴᠦᠨ ᠢᠶᠠᠷ ᠢᠶᠠᠨ ᠠᠬᠢᠭᠤᠯᠵᠤ ᠪᠤᠢ᠃ 9 ᠳ᠋ᠦ᠋ᠭᠡᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠡᠨᠧᠷᠭᠢ ᠶᠢᠨ ᠲᠣᠪᠴᠢᠶ᠎ᠠ ᠣᠷᠳᠣᠰ ᠬᠤᠲᠠ ᠳᠤ ᠲᠤᠬᠠᠢ ᠶᠢᠨ ᠲᠠᠯᠠᠪᠤᠷ ᠤᠨ ᠵᠣᠬᠢᠴᠠᠭᠤᠯᠬᠤ ᠬᠤᠷᠠᠯ | ᠬᠤᠷᠠᠯᠳᠤᠭᠤᠯᠵᠤ᠂ ᠠᠶᠢᠮᠠᠭ ᠬᠤᠲᠠ ᠠᠯᠤᠰᠯᠠᠨ ᠨᠡᠭᠦᠷᠡᠰᠦ ᠬᠠᠩᠭᠠᠬᠤ ᠨᠡᠭᠦᠷᠡᠰᠦᠨ ᠤ ᠠᠵᠤ ᠠᠬᠤᠶᠢᠯᠠᠯ ᠤᠨ ᠨᠡᠷᠡᠰ | ᠵᠢᠴᠢ ᠡᠭᠦᠷᠭᠡ ᠶᠢᠨ ᠬᠡᠮᠵᠢᠶ᠎ᠡ ᠶᠢ ᠲᠣᠭᠲᠠᠭᠠᠵᠤ᠂ ᠣᠷᠳᠣᠰ ᠬᠤᠲᠠ ᠶᠢᠨ 47 ᠨᠡᠭᠦᠷᠡᠰᠦᠨ ᠤ ᠠᠵᠤ ᠠᠬᠤᠶᠢᠯᠠᠯ ᠢᠶᠠᠷ | ᠪᠥᠬᠦ ᠣᠷᠣᠨ ᠤ 304.3 ᠲᠦᠮᠡᠨ ᠲᠣᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠡᠭᠦᠷᠭᠡᠯᠡᠭᠦᠯᠬᠦ ᠪᠠᠷ | ᠲᠣᠭᠲᠠᠭᠠᠪᠠ᠃ 9 ᠳ᠋ᠦ᠋ᠭᠡᠷ ᠰᠠᠷ᠎ᠠ ᠶᠢᠨ 6 ᠤ ᠡᠳᠦᠷ᠂ ︽ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ | ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ᠢ ᠡᠯ᠎ᠡ ᠠᠶᠢᠮᠠᠭ ᠬᠤᠲᠠ ᠳᠤ ᠲᠠᠷᠬᠠᠭᠠᠵᠤ᠂ ᠨᠡᠭᠦᠷᠡᠰᠦᠨ ᠤ ᠢᠷᠡᠯᠲᠡ ᠶᠢ ᠪᠠᠲᠤᠯᠠᠬᠤ | ᠠᠶᠢᠮᠠᠭ ᠬᠤᠲᠠ ᠳᠤ ᠪᠠᠲᠤᠯᠠᠭ᠎ᠠ ᠶᠢᠨ ᠡᠭᠦᠷᠭᠡ ᠶᠢ ᠡᠭᠦᠷᠭᠡᠯᠡᠭᠰᠡᠨ ᠨᠡᠭᠦᠷᠡᠰᠦᠨ ᠠᠭᠤᠷᠬᠠᠢ ᠶᠢ ᠰᠢᠮᠳᠠᠭᠤᠯᠤᠨ | ᠱᠠᠭᠠᠷᠳᠠᠵᠤ ᠪᠠᠶᠢᠭᠠᠳ᠂ ᠮᠠᠯᠴᠢᠨ ᠲᠠᠷᠢᠶᠠᠴᠢᠨ ᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠦᠢᠯᠡᠳᠪᠦᠷᠢᠯᠡᠯ | ᠬᠠᠩᠭᠠᠯᠭ᠎ᠠ ᠶᠢᠨ ᠡᠭᠦᠷᠭᠡ ᠶᠢ ᠬᠤᠭᠤᠴᠠᠭ᠎ᠠ ᠶᠣᠰᠣᠭᠠᠷ ᠴᠢᠨᠠᠷ ᠴᠢᠨᠰᠠᠭ᠎ᠠ ᠪᠠ ᠲᠤᠭ᠎ᠠ ᠬᠡᠮᠵᠢᠶ᠎ᠡ ᠶᠢ ᠪᠠᠲᠤᠯᠠᠨ | ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠵᠠᠢ︔ ᠨᠡᠭᠦᠷᠡᠰᠦ ᠬᠡᠷᠡᠭᠯᠡᠬᠦ ᠠᠶᠢᠮᠠᠭ ᠬᠤᠳᠠ ᠨᠤᠭᠤᠳ ᠠᠵᠢᠯ ᠤᠨ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠡᠭᠦᠷᠡᠰᠦ ᠬᠠᠩᠭᠠᠬᠤ ᠠᠶᠢᠮᠠᠭ ᠬᠤᠳᠠ ᠬᠢᠭᠡᠳ ᠨᠡᠭᠦᠷᠡᠰᠦᠨ | ᠠᠭᠤᠷᠬᠠᠢ ᠯᠤᠭ᠎ᠠ ᠵᠣᠯᠭᠠᠭᠤᠯᠬᠤ ᠶᠢ ᠴᠢᠩᠭᠠᠳᠬᠠᠨ᠂ ︽ᠵᠠᠮ ᠱᠤᠭᠤᠮ ᠲᠣᠭᠲᠠᠭᠠᠬᠤ᠂ ᠲᠡᠷᠭᠡ ᠬᠥᠰᠬᠡ ᠶᠢ | ᠲᠣᠭᠲᠠᠭᠠᠬᠤ᠂ ᠬᠥᠮᠥᠨ ᠢ ᠲᠣᠭᠲᠠᠭᠠᠬᠤ︾ ᠵᠠᠷᠴᠢᠮ ᠤᠨ ᠶᠣᠰᠣᠭᠠᠷ᠂ ᠨᠡᠭᠦᠷᠡᠰᠦ ᠲᠡᠭᠡᠭᠡᠪᠦᠷᠢᠯᠡᠬᠦ᠂ ᠲᠣᠬᠢᠷᠠᠭᠤᠯᠤᠨ | ᠬᠦᠷᠭᠡᠬᠦ ᠵᠡᠷᠭᠡ ᠠᠵᠢᠯ ᠢ ᠥᠪᠡᠰᠦᠪᠡᠨ ᠵᠣᠬᠢᠶᠠᠨ ᠪᠠᠶᠢᠭᠤᠯᠵᠤ᠂ ᠮᠠᠯᠴᠢᠨ ᠲᠠᠷᠢᠶᠠᠴᠢᠨ ᠤ ᠳᠤᠯᠠᠭᠠᠯᠠᠯᠭ᠎ᠠ ᠳᠤ | ᠬᠡᠷᠡᠭᠯᠡᠬᠦ ᠨᠡᠭᠦᠷᠡᠰᠦ ᠶᠢ ᠡᠷᠥᠭᠡ ᠳᠤ ᠬᠦᠷᠲᠡᠯ᠎ᠡ ᠲᠦᠷᠭᠡᠬᠡᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ ᠤᠨ | ᠡᠨᠧᠷᠭᠢ ᠶᠢᠨ ᠰᠠᠯᠠᠭ᠎ᠠ ᠮᠥᠴᠢᠷ ᠪᠣᠯᠣᠨ ᠨᠡᠭᠦᠷᠡᠰᠦᠨ ᠤ ᠠᠵᠤ ᠠᠬᠤᠶᠢᠯᠠᠯ ᠤᠨ ᠵᠣᠬᠢᠴᠠᠭᠤᠯᠭ᠎ᠠ ᠬᠠᠮᠵᠢᠯᠴᠠᠭ᠎ᠠ ᠪᠠᠷ | ᠳᠠᠮᠵᠢᠨ᠂ ᠪᠥᠬᠦ ᠣᠷᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ | ᠨᠡᠭᠦᠷᠡᠰᠦᠨ ᠤ ᠢᠷᠡᠯᠲᠡ ᠶᠢ ᠣᠬᠤᠷᠬᠠᠨ ᠬᠤᠭᠤᠴᠠᠭᠠᠨ ᠳᠤ ᠲᠦᠷᠭᠡᠨ ᠨᠠᠶᠢᠳᠠᠪᠤᠷᠢᠵᠢᠭᠤᠯᠬᠤ ᠶᠢᠨ ᠬᠠᠮᠲᠤ ᠡᠩ ᠤᠨ | ᠦᠨ᠎ᠡ᠂ ᠰᠢᠲᠠᠭᠠᠬᠤ ᠪᠠᠷᠢᠮᠵᠢᠶ᠎ᠠ ᠪᠠᠷ ᠦᠢᠯᠡᠳᠪᠦᠷᠢᠯᠡᠯ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠵᠣᠬᠢᠶᠠᠨ | ᠪᠠᠶᠢᠭᠤᠯᠬᠤ ᠬᠡᠷᠡᠭᠲᠡᠢ ᠭᠡᠵᠡᠢ᠃ | ᠡᠮᠬᠢᠯᠡᠭᠰᠡᠨ ᠢᠶᠠᠷ᠂ ᠡᠨᠡ ᠡᠪᠦᠯ ᠢᠷᠡᠬᠦ ᠬᠠᠪᠤᠷ ᠤᠨ ᠳᠤᠯᠠᠭᠠᠯᠭ᠎ᠠ ᠶᠢᠨ ᠬᠤᠭᠤᠴᠠᠭᠠᠨ ᠳᠤ᠂ ᠪᠥᠬᠦ ᠣᠷᠣᠨ ᠤ | ᠨᠡᠭᠦᠷᠡᠰᠦ ᠰᠢᠲᠠᠭᠠᠵᠤ ᠳᠤᠯᠠᠭᠠᠯᠠᠬᠤ ᠬᠡᠷᠡᠭᠴᠡᠭᠡ ᠲᠠᠢ ᠮᠠᠯᠴᠢᠨ ᠲᠠᠷᠢᠶᠠᠴᠢᠨ ᠡᠷᠦᠬᠡ ᠨᠡᠶᠢᠲᠡ 208 ᠲᠦᠮᠡᠨ ᠡᠷᠦᠬᠡ | ᠪᠠᠶᠢᠵᠤ᠂ 410 ᠲᠦᠮᠡᠨ ᠲᠣᠨ ᠨᠡᠭᠦᠷᠡᠰᠦ ᠬᠡᠷᠡᠭᠯᠡᠬᠦ ᠪᠠᠷ ᠲᠥᠯᠥᠪᠯᠡᠵᠦ ᠪᠣᠶ᠃ ᠣᠲᠣ ᠪᠣᠯᠲᠠᠯ᠎ᠠ᠂ ᠪᠥᠬᠦ ᠣᠷᠣᠨ ᠤ | 12 ᠠᠶᠢᠮᠠᠭ ᠬᠤᠲᠠ ᠴᠥᠮ ᠮᠠᠯᠴᠢᠨ ᠲᠠᠷᠢᠶᠠᠴᠢᠨ ᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠵᠥᠭᠡᠭᠡᠪᠦᠷᠢᠯᠡᠬᠦ | ᠠᠵᠢᠯ ᠢ ᠡᠬᠢᠯᠡᠭᠦᠯᠦᠭᠰᠡᠨ ᠪᠠᠶᠢᠨ᠎ᠠ᠃ ᠡᠭᠦᠨ ᠳᠤ᠂ ᠣᠷᠳᠣᠰ ᠬᠤᠲᠠ᠂ ᠪᠠᠶᠠᠨᠨᠠᠭᠤᠷ ᠬᠤᠲᠠ᠂ ᠦᠬᠠᠢ ᠬᠤᠲᠠ᠂ | ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ ᠵᠡᠷᠭᠡ ᠠᠶᠢᠮᠠᠭ ᠬᠤᠲᠠ ᠶᠢᠨ ᠠᠬᠢᠴᠠ ᠨᠡᠯᠢᠶᠡᠳ ᠲᠦᠷᠭᠡᠨ ᠪᠠᠶᠢᠵᠤ | ᠂ ᠬᠡᠰᠡᠭ ᠬᠤᠰᠢᠭᠤ ︵ᠰᠢᠶᠠᠨ᠂ ᠲᠣᠭᠤᠷᠢᠭ︶ ᠵᠥᠭᠡᠭᠡᠪᠦᠷᠢᠯᠡᠬᠦ ᠡᠭᠦᠷᠭᠡ ᠶᠢᠨ ᠬᠠᠭᠠᠰ ᠢ ᠨᠢ ᠨᠢᠭᠡᠨᠲᠡ ᠪᠡᠶᠡᠯᠡᠭᠦᠯᠵᠦ᠂ | ᠪᠤᠰᠤᠳ ᠠᠶᠢᠮᠠᠭ ᠬᠤᠲᠠ ᠴᠤ ᠲᠡᠭᠡᠭᠡᠪᠦᠷᠢᠯᠡᠬᠦ ᠶᠢ ᠱᠠᠯᠠᠪᠳᠠᠨ ᠵᠣᠬᠢᠶᠠᠨ ᠪᠠᠶᠢᠭᠤᠯᠵᠤ ᠪᠤᠢ᠃ | |