ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ ᠰᠦᠨ ᠱᠤᠤ ᠴᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2022/10/29
    9 ᠰᠠᠷ᠎ᠠ ᠶᠢᠨ 23᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠮᠠᠨ ᠤ ᠤᠯᠤᠰ ᠤᠨ ᠤᠮᠠᠷᠠᠰᠢ ᠨᠡᠭᠡᠭᠡᠯᠳᠠ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃    ᠬᠤᠷᠠᠯ ᠠᠴᠠ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠥᠲᠥᠭᠡᠨ ᠪᠠᠶᠢᠭᠤᠯᠬᠤ ᠪᠣᠯ ᠪᠢᠳᠡᠨ ᠤ ᠡᠷᠬᠡᠪᠰᠢ ᠰᠠᠶᠢᠲᠤᠷ ᠠᠳᠬᠤᠬᠤ ᠴᠢᠬᠤᠯᠠ ᠤᠯᠤᠰ ᠲᠥᠷᠥ ᠶᠢᠨ ᠡᠭᠦᠷᠭᠡ ᠮᠦᠨ᠃ ᠬᠡᠷᠡᠭᠵᠢᠭᠦᠯᠬᠦ ᠲᠥᠰᠦᠯ ᠢᠶᠠᠨ ᠱᠠᠯᠠᠪᠳᠠᠭᠤᠯᠤᠨ ᠲᠡᠭᠦᠯᠳᠡᠷᠵᠢᠭᠦᠯᠵᠦ᠂ ᠡᠭᠦᠷᠭᠡ ᠶᠢᠨ ᠨᠠᠷᠢᠨ ᠲᠠᠩᠰᠠ ᠶᠢ ᠲᠣᠳᠣᠷᠬᠠᠶᠢᠯᠠᠨ᠂ ᠤᠯᠤᠰ ᠤᠨ ᠳᠡᠮᠵᠢᠯᠭᠡ ᠶᠢ ᠴᠢᠷᠮᠠᠶᠢᠨ ᠣᠯᠵᠤ᠂ ᠡᠷᠴᠢᠮ ᠢᠶᠠᠨ ᠴᠢᠩᠭᠠᠷᠠᠭᠤᠯᠤᠨ᠂ ᠠᠬᠢᠴᠠ ᠪᠠᠨ ᠲᠦᠷᠭᠡᠳᠭᠡᠵᠦ ᠪᠠᠶᠢᠭᠠᠳ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠭᠠᠳᠠᠭᠠᠳᠤ ᠨᠡᠭᠡᠭᠡᠯᠲᠡ ᠶᠢ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠣᠷᠣᠨ ᠳᠠᠶᠢᠰᠢ ᠤᠷᠲᠤᠰᠬᠠᠬᠤ ᠶᠢ ᠢᠳᠡᠪᠬᠢᠲᠡᠶ ᠠᠬᠢᠭᠤᠯᠵᠤ᠂ ᠡᠯ᠎ᠡ ᠮᠤᠵᠢ ᠣᠷᠣᠨ ᠬᠤᠲᠠ ᠯᠤᠭ᠎ᠠ ᠶᠢᠨ ᠠᠵᠤ ᠠᠬᠤᠶ ᠶᠢᠨ ᠬᠠᠮᠵᠢᠯᠴᠠᠭ᠎ᠠ ᠶᠢ ᠪᠥᠬᠦ ᠲᠠᠯ᠎ᠠ ᠪᠠᠷ ᠴᠢᠩᠭᠠᠳᠬᠠᠨ᠂ ᠪᠥᠬᠦ ᠣᠷᠣᠨ ᠪᠦᠰᠡ ᠪᠠᠷ ᠨᠡᠭᠡᠭᠡᠯᠲᠡ ᠬᠢᠬᠦ᠂ ᠶᠡᠭᠡ ᠪᠠᠷ ᠨᠡᠭᠡᠭᠡᠯᠲᠡ ᠬᠢᠵᠦ ᠶᠡᠭᠡ ᠪᠠᠷ ᠬᠠᠮᠲᠤᠷᠠᠯᠴᠠᠬᠤ ᠪᠠᠶᠢᠷᠢᠰᠢᠯ ᠢ ᠪᠠᠶᠢᠭᠤᠯᠤᠨ ᠪᠦᠷᠢᠯᠳᠦᠭᠦᠯᠬᠦ ᠬᠡᠷᠡᠭᠲᠡᠶ᠃ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠳᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠢᠵᠢᠯᠢ ᠴᠢᠨᠠᠷ ᠪᠦᠬᠦᠢ ᠥᠷᠢᠰᠥᠯᠳᠦᠭᠡᠨ ᠢ ᠰᠡᠷᠭᠡᠶᠢᠯᠡᠬᠦ ᠬᠡᠷᠡᠭᠲᠡᠶ᠃ ᠪᠣᠭᠤᠮᠲᠠ ᠪᠠᠷ ᠥᠩᠭᠡᠷᠡᠬᠦᠯᠬᠦ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠨᠤᠳᠤᠬᠰᠢᠭᠤᠯᠵᠦ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠶ᠋ᠯᠡᠰ ᠢ ᠶᠡᠭᠡ ᠪᠠᠷ ᠬᠥᠭᠵᠢᠭᠦᠯᠵᠦ᠂ ᠬᠢᠯᠢ ᠶᠢᠨ ᠪᠣᠭᠤᠮᠲᠠ ᠬᠢᠭᠡᠳ ᠳᠣᠲᠣᠷ ᠭᠠᠵᠠᠷ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠶ ᠠᠬᠢᠭᠤᠯᠵᠤ᠂ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠠᠵᠤ ᠦᠶ᠋ᠯᠡᠰ ᠬᠥᠭᠵᠢᠨ ᠮᠠᠨᠳᠤᠬᠤ᠂ ᠪᠠᠷᠠᠭᠠᠨ ᠤ ᠭᠦᠶ᠋ᠯᠭᠡᠭᠡ ᠰᠠᠭᠠᠳ ᠥᠬᠡᠶ ᠨᠡᠪᠲᠡᠷᠡᠬᠦ᠂ ᠠᠷᠠᠯᠵᠢᠶ᠎ᠠ ᠬᠤᠳᠠᠯᠳᠤᠭ᠎ᠠ ᠬᠦᠭᠵᠢᠶᠡᠨᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠴᠠᠭ ᠢᠮᠠᠭᠲᠠ ᠰᠠᠨᠠᠭ᠎ᠠ ᠲᠠᠯᠪᠢᠬᠤ ᠬᠠᠷᠢᠭᠤᠴᠠᠯᠭᠠᠲᠤ ᠰᠡᠳᠭᠢᠯᠭᠡ ᠪᠠᠷ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠰᠡᠷᠭᠡᠶᠢᠯᠡᠬᠦ ᠪᠠᠷ ᠭᠤᠣᠯ ᠪᠣᠯᠭᠠᠬᠤ ᠶᠢ ᠲᠤᠪᠤᠶᠢᠯᠭᠠᠨ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠬᠠᠷᠢᠭᠤᠴᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠥᠬᠦ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾᠎ ᠢ ᠬᠢᠨᠠᠨ ᠵᠥᠪᠯᠡᠪᠡ᠃ ᠬᠤᠷᠠᠯ ᠠᠴᠠ᠂ ᠲᠠᠯᠪᠢᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠠᠮᠢᠶᠠᠷᠤᠯᠲᠠ ᠳᠤ ᠪᠦᠲᠦᠮᠵᠢᠲᠡᠢ ᠣᠷᠣᠯᠴᠠᠬᠤ ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠡᠯ᠎ᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ ᠬᠢᠬᠦ ᠪᠠᠷ ᠴᠢᠷᠮᠠᠶᠢᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠤᠯᠠᠨ ᠲᠦᠮᠡᠨ ᠳᠤ ᠢᠯᠡᠭᠦᠬᠡᠨ ᠰᠠᠶᠢᠨ ᠶᠠᠪᠤᠳᠠᠯ ᠬᠢᠵᠦ ᠥᠭᠬᠦ ᠶᠢ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠵᠠᠰᠠᠭ ᠤᠨ ᠣᠷᠳᠣᠨ ᠪᠠ ᠠᠷᠠᠯᠵᠢᠶᠠᠴᠢᠨ ᠤ ᠬᠤᠭᠤᠷᠤᠨᠳᠤᠬᠢ ᠳᠣᠲᠣᠨᠣ ᠴᠢᠬᠡᠴᠢ ᠰᠢᠨ᠎ᠡ ᠬᠠᠷᠢᠴᠠᠭ᠎ᠠ ᠶᠢ ᠪᠠᠶᠢᠭᠤᠯᠬᠤ ᠲᠤᠬᠠᠶ ᠰᠠᠨᠠᠯ︾᠎ ᠢ ᠬᠢᠨᠠᠨ ᠵᠥᠪᠯᠡᠪᠡ᠃ ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷ ᠠᠵᠤ ᠠᠬᠤᠶᠢᠯᠠᠯ ᠲᠠᠢ ᠲᠥᠪ ᠴᠢᠬᠡᠴᠢ ᠪᠠᠷ ᠬᠠᠷᠢᠯᠴᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠢᠯᠡᠭᠦᠬᠡᠨ ᠠᠩᠬᠠᠷᠴᠤ᠂ ᠪᠠᠶᠢᠩᠭᠤ ᠬᠠᠷᠢᠯᠴᠠᠵᠤ᠂ ᠠᠵᠤ ᠠᠬᠤᠶᠢᠯᠠᠯ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠴᠢᠨᠠᠭᠰᠢᠳᠠ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾᠎ ᠢ ᠬᠢᠨᠠᠨ ᠵᠥᠪᠯᠡᠪᠡ᠃ ᠬᠤᠷᠠᠯ ᠠᠴᠠ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠡᠢ᠂ ᠡᠯ᠎ᠡ ᠱᠠᠲᠤᠨ ᠤ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠬᠦᠴᠦ ᠪᠠᠷ ᠢᠶᠠᠨ ᠳᠡᠮᠵᠢᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠶᠢ ᠴᠢᠩᠭᠠᠳᠬᠠᠵᠤ᠂ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠠᠭᠤᠯᠭ᠎ᠠ ᠪᠠ ᠨᠠᠶᠢᠳᠠᠪᠤᠷᠢᠵᠢᠭᠤᠯᠬᠤ ᠠᠷᠭ᠎ᠠ ᠶᠢ ᠲᠡᠷᠡ ᠳᠠᠷᠤᠶ ᠳᠤᠨᠢ ᠮᠡᠳᠡᠭᠦᠯᠵᠦ᠂ ᠠᠵᠤ ᠠᠬᠤᠶᠢᠯᠠᠯ ᠤᠨ ᠠᠰᠠᠭᠤᠳᠠᠯ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠬᠤ ᠶᠢ ᠦᠨᠡᠨ ᠬᠦ ᠪᠡᠶᠡᠯᠡᠭᠦᠯᠵᠦ᠂ ᠡᠯ᠎ᠡ ᠵᠦᠶ᠋ᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠦᠨᠡᠨ ᠬᠦ ᠠᠵᠤ ᠠᠬᠤᠶᠢᠯᠠᠯ ᠳᠤ ᠠᠰᠢᠭ ᠬᠦᠷᠲᠡᠭᠡᠵᠦ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃    
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1