9 ᠰᠠᠷ᠎ᠠ ᠶᠢᠨ 23 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ | ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶᠠᠨ ᠠᠴᠠ ᠤᠢᠢᠯᠠᠭᠠᠭᠰᠠᠠ ᠢᠶᠠᠷ᠂ ᠨᠠᠮ ᠵᠠᠰᠠᠭ ᠤᠨ ᠪᠠᠶᠢᠭᠤᠯᠭ᠎ᠠ ᠶᠢᠨ | ᠠᠷᠪᠢᠯᠠᠨ ᠭᠠᠮᠨᠠᠬᠤ ᠶᠢ ᠡᠷᠬᠢᠮᠯᠡᠵᠦ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠶᠢ ᠭᠦᠨᠵᠡᠭᠡᠢ ᠠᠬᠢᠭᠤᠯᠵᠤ᠂ ᠮᠤᠵᠢ ᠶᠢᠨ | ᠲᠡᠰ ᠤᠨ ᠺᠠᠳ᠋ᠷ ᠤᠨ ᠲᠦᠷ ᠰᠠᠭᠤᠬᠤ ᠨᠡᠶᠢᠲᠡ ᠶᠢᠨ ᠰᠠᠭᠤᠴᠠ ᠳᠠᠬᠢ ᠬᠡᠰᠡᠭ ᠣᠷᠣᠨ ᠰᠠᠭᠤᠴᠠ ᠰᠤᠯᠠ | ᠲᠠᠯᠪᠢᠭᠳᠠᠵᠤ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠰᠤᠯᠠ ᠲᠠᠯᠪᠢᠭᠳᠠᠵᠤ ᠪᠠᠶᠢᠭ᠎ᠠ ᠭᠡᠷ ᠬᠦᠷᠦᠩᠭᠡ ᠶᠢ ᠪᠦᠲᠦᠮᠵᠢᠲᠡᠢ ᠠᠮᠢᠳᠤᠯᠢᠭᠵᠢᠭᠤᠯᠤᠨ ᠠᠰᠢᠭᠯᠠᠵᠤ᠂ | ᠰᠢᠨ᠎ᠡ ᠪᠠᠷ ᠪᠡᠯᠡ ᠣᠷᠣᠭᠤᠯᠬᠤ ᠪᠠ ᠪᠦᠷᠢᠯᠭᠡᠨ ᠰᠦᠢᠳᠭᠡᠬᠦ ᠪᠠᠶᠢᠳᠠᠯ ᠦᠷᠭᠦᠯᠵᠢᠯᠡᠨ ᠡᠭᠦᠰᠬᠦ ᠠᠴᠠ ᠵᠠᠶᠢᠯᠠᠰᠭᠢᠬᠦ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠤᠵᠢ ᠶᠢᠨ | ᠲᠡᠰ ᠤᠨ ᠺᠠᠳ᠋ᠷ ᠤᠨ ᠲᠦᠷ ᠰᠠᠭᠤᠬᠤ ᠨᠡᠶᠢᠲᠡ ᠶᠢᠨ ᠰᠠᠭᠤᠴᠠ ᠶᠢ ᠪᠠᠲᠤᠯᠠᠭ᠎ᠠ ᠶᠢᠨ ᠣᠷᠣᠨ ᠰᠠᠭᠤᠴᠠ ᠶᠢᠨ | ᠰᠠᠭᠤᠭᠠᠯᠢ ᠠᠷᠠᠳ ᠤᠨ ᠲᠣᠭᠤᠷᠢᠭ ᠲᠤ ᠲᠤᠬᠢᠷᠠᠭᠤᠯᠬᠤ ᠪᠠᠷ ᠲᠤᠭᠲᠠᠪᠠ᠃ | ᠲᠠᠨᠢᠯᠴᠠᠭᠤᠯᠤᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠲᠡᠰ ᠤᠨ ᠺᠠᠳ᠋ᠷ ᠤᠨ 26 ᠢᠵᠢ | ᠲᠦᠷ ᠰᠠᠭᠤᠬᠤ ᠨᠡᠶᠢᠲᠡ ᠶᠢᠨ ᠰᠠᠭᠤᠴᠠ ᠶᠢ 2009 ᠣᠨ ᠠᠴᠠ ᠡᠬᠢᠯᠡᠨ ᠪᠦᠲᠦᠬᠡᠨ ᠪᠠᠶᠢᠭᠤᠯᠵᠤ᠂ 2011 | ᠣᠨ ᠳᠤ ᠠᠰᠢᠭᠯᠠᠯᠲᠠ ᠳᠤ ᠣᠷᠣᠭᠤᠯᠵᠤ᠂ ᠲᠠᠯᠠᠪᠠᠢ ᠨᠢ ᠮᠤᠵᠢ ᠶᠢᠨ ᠲᠡᠰ ᠤᠨ ᠺᠠᠳ᠋ᠷ ᠤᠨ ᠣᠷᠣᠨ ᠰᠠᠭᠤᠴᠠ ᠶᠢᠨ | ᠬᠡᠷᠡᠭᠯᠡᠭᠡᠨ ᠤ ᠪᠠᠷᠢᠮᠵᠢᠶ᠎ᠠ ᠠᠴᠠ ᠳᠠᠪᠠᠭᠰᠠᠨ ᠪᠠᠶᠢᠨ᠎ᠠ᠃ 2020 ᠣᠨ ᠠᠴᠠ ᠡᠬᠢᠯᠡᠨ᠂ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠲᠠᠯᠠᠪᠠᠶ ᠨᠢ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠨᠡᠶᠢᠲᠡ ᠶᠢᠨ | ᠤᠷᠤᠨ ᠰᠠᠭᠤᠴᠠ ᠶᠢ ᠵᠠᠯᠭᠠᠭ᠎ᠠ ᠪᠠᠷ ᠥᠭᠡᠷᠡᠴᠢᠯᠡᠨ ᠵᠠᠰᠠᠪᠠ᠃ ᠥᠭᠡᠷᠡᠴᠢᠯᠡᠨ ᠵᠠᠰᠠᠬᠰᠡᠨ ᠤ ᠳᠠᠷᠠᠭ᠎ᠠ ᠬᠡᠷᠡᠭᠯᠡᠭᠡᠨ ᠤ | ᠲᠠᠯᠠᠪᠠᠢ ᠨᠢ ᠬᠡᠳᠦ᠋ᠢᠪᠡᠷ ᠤᠯᠤᠰ ᠠᠴᠠ ᠲᠣᠭᠲᠠᠭᠠᠭᠰᠠᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠰᠡᠨ ᠪᠣᠯᠪᠠᠴᠤ | ᠬᠡᠲᠦᠷᠡᠭᠰᠡᠨ ᠬᠡᠰᠡᠭ ᠢ ᠨᠢ ᠪᠦᠲᠦᠮᠵᠢᠲᠡᠶ ᠠᠰᠢᠭᠯᠠᠬᠤ ᠶᠢᠨ ᠠᠷᠭ᠎ᠠ ᠦᠭᠡᠢ ᠪᠤᠯᠤᠭᠰᠠᠨ ᠠᠴᠠ ᠰᠤᠯᠠ ᠲᠠᠯᠪᠢᠭᠳᠠᠵᠤ | ᠪᠦᠷᠢᠯᠭᠡᠭᠰᠡᠨ ᠪᠠᠶᠢᠳᠠᠯ ᠭᠠᠷᠴᠠᠢ᠃ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠮᠤᠵᠢ ᠶᠢᠨ ᠲᠡᠰ ᠤᠨ ᠺᠠᠳ᠋ᠷ ᠤᠨ ᠲᠦᠷ ᠰᠠᠭᠤᠬᠤ | ᠣᠷᠣᠨ ᠰᠠᠭᠤᠴᠠ ᠶᠢ ᠭᠤᠣᠯᠳᠠᠭᠤ ᠣᠳᠣ ᠪᠠᠶᠢᠭ᠎ᠠ ᠨᠦᠬᠡᠴᠡ ᠭᠡᠷ ᠪᠠᠶᠢᠰᠢᠩ ᠤᠨ ᠲᠤᠮᠳᠠ ᠠᠴᠠ ᠲᠣᠬᠢᠷᠠᠭᠤᠯᠬᠤ | ᠮᠦᠷᠲᠡᠭᠡᠨ ᠪᠠᠷᠢᠯᠭ᠎ᠠ ᠶᠢᠨ ᠲᠠᠯᠠᠪᠠᠶ ᠨᠢ ᠡᠷᠬᠡᠪᠰᠢ ᠣᠷᠣᠨ ᠰᠠᠭᠤᠴᠠ ᠶᠢᠨ ᠲᠠᠯᠠᠪᠠᠶ ᠶᠢᠨ ᠪᠠᠷᠢᠮᠵᠢᠶ᠎ᠠ ᠳᠤ ᠨᠡᠶᠢᠴᠡᠭᠦ | ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ | ᠭᠦᠨᠵᠡᠭᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠡᠷ ᠬᠥᠷᠥᠩᠭᠡ ᠶᠢᠨ ᠡᠬᠢ ᠪᠠᠶᠠᠯᠢᠭ ᠢ | ᠠᠷᠪᠢᠲᠠᠶ ᠡᠷᠴᠢᠮᠯᠢᠭ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠤ᠂ ᠮᠤᠵᠢ ᠶᠢᠨ ᠲᠡᠰ ᠤᠨ ᠺᠠᠳ᠋ᠷ ᠤᠨ ᠲᠦᠷ ᠰᠠᠭᠤᠬᠤ | ᠨᠡᠶᠢᠲᠡ ᠶᠢᠨ ᠰᠠᠭᠤᠴᠠ ᠶᠢ ᠮᠤᠵᠢ ᠶᠢᠨ ᠲᠡᠰ ᠤᠨ ᠺᠠᠳ᠋ᠷ ᠤᠨ ᠪᠠᠲᠤᠯᠠᠭ᠎ᠠ ᠶᠢᠨ ᠣᠷᠣᠨ ᠰᠠᠭᠤᠴᠠ ᠶᠢᠨ ᠰᠠᠭᠤᠭᠠᠯᠢ | ᠠᠷᠠᠳ ᠤᠨ ᠲᠣᠭᠤᠷᠢᠭ ᠲᠤ ᠨᠢᠭᠡᠳᠦᠯᠲᠡᠶ ᠲᠣᠬᠢᠷᠠᠭᠤᠯᠬᠤ ᠪᠠᠷ ᠪᠤᠯᠪᠠ᠃ ᠰᠤᠯᠠᠯᠠᠵᠤ ᠭᠠᠷᠭᠠᠭᠰᠠᠨ ᠲᠦᠷ ᠰᠠᠭᠤᠬᠤ | ᠨᠡᠶᠢᠲᠡ ᠶᠢᠨ ᠰᠠᠭᠤᠴᠠ ᠶᠢ ᠤᠯᠠᠮ ᠴᠢᠨᠠᠭᠰᠢᠳᠠ ᠠᠮᠢᠳᠤᠯᠢᠭᠵᠢᠭᠤᠯᠤᠨ ᠠᠰᠢᠭᠯᠠᠵᠤ᠂ ᠤᠯᠤᠰ ᠤᠨ ᠥᠮᠴᠢᠯᠡᠯ ᠤᠨ | ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶᠠᠨ ᠤ | ᠬᠠᠷᠢᠭᠤᠴᠠᠯᠭᠠᠲᠠᠨ ᠨᠦᠬᠦᠳ᠂ ᠮᠤᠵᠢ ᠶᠢᠨ ᠲᠡᠰ ᠤᠨ ᠺᠠᠳ᠋ᠷ ᠤᠨ ᠲᠦᠷ ᠰᠠᠭᠤᠬᠤ ᠨᠡᠶᠢᠲᠡ ᠶᠢᠨ ᠰᠠᠭᠤᠴᠠ ᠶᠢ | ᠲᠣᠬᠢᠷᠠᠭᠤᠯᠬᠤ ᠠᠵᠢᠯ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠬᠢᠲᠤᠭ᠎ᠠ ᠶᠢᠨ ᠢᠷ ᠢ ᠳᠣᠲᠣᠭᠰᠢ ᠬᠠᠨᠳᠤᠭᠤᠯᠵᠤ᠂ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠳᠡᠭᠡᠷ᠎ᠡ ᠱᠠᠲᠤ ᠨᠢ | ᠳᠤᠤᠷ᠎ᠠ ᠱᠠᠲᠤ ᠪᠠᠨ ᠳᠠᠭᠠᠭᠤᠯᠤᠨ᠂ ᠡᠬᠢ ᠪᠠᠶᠠᠯᠢᠭ ᠢ ᠠᠷᠪᠢᠯᠠᠬᠤ ᠤᠯᠤᠰ ᠤᠨ ᠦᠨᠳᠦᠰᠦᠨ ᠲᠦᠷᠦ ᠶᠢᠨ | ᠪᠣᠳᠣᠯᠭ᠎ᠠ ᠶᠢ ᠲᠦᠷᠦᠭᠦᠯᠡᠨ ᠲᠤᠭᠤᠰᠢᠯᠠᠭᠤᠯᠬᠤ ᠪᠣᠳᠠᠲᠠᠶ ᠠᠵᠢᠯᠯᠠᠭ᠎ᠠ ᠮᠥᠨ᠂ ᠪᠥᠬᠦ ᠣᠷᠣᠨ ᠲᠠᠶᠠᠭᠠᠷ ᠤᠨ | ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ ᠶᠢ | ᠠᠬᠢᠭᠤᠯᠬᠤ ᠳᠤ ᠥᠯᠢᠭᠡᠷ ᠳᠠᠭᠤᠷᠢᠶᠠᠯ ᠪᠣᠯᠵᠠᠢ᠃ ᠲᠠᠷᠠᠭᠠᠴᠢ ᠶᠢᠨ ᠠᠯᠬᠤᠮ ᠳᠤ᠂ ᠪᠢᠳᠡ ᠨᠠᠮ ᠵᠠᠰᠠᠭ ᠤᠨ | ᠪᠠᠶᠢᠭᠤᠯᠭ᠎ᠠ ᠶᠢᠨ ᠶᠡᠭᠡ ᠬᠦᠷᠢᠶᠡᠨ ᠠᠴᠠ ᠡᠬᠢᠯᠡᠨ ᠬᠢᠵᠦ᠂ ᠠᠯᠢᠪᠠ ᠠᠵᠢᠯ ᠦᠶ᠋ᠯᠡᠰ ᠢ ᠠᠵᠢᠯᠴᠢ ᠠᠷᠪᠢᠴᠢ ᠪᠠᠷ | ᠡᠷᠭᠢᠯᠡᠬᠦ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠨᠡᠭᠦᠯᠭᠡᠬᠦ ᠵᠡᠷᠭᠡ ᠬᠠᠮᠢᠶ᠎ᠠ ᠪᠥᠬᠦᠶ | ᠠᠵᠢᠯ ᠢ ᠢᠳᠡᠪᠬᠢᠲᠡᠶ ᠰᠠᠶᠢᠲᠤᠷ ᠬᠢᠬᠦ ᠶᠢᠨ ᠬᠠᠮᠲᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢᠨ | ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠰᠤᠯᠠᠯᠠᠵᠤ ᠭᠠᠷᠭᠠᠭᠰᠠᠨ ᠬᠡᠷ ᠬᠥᠷᠥᠩᠭᠡ ᠶᠢ ᠣᠨᠣᠴᠠᠲᠠᠶ | ᠠᠮᠢᠳᠤᠯᠢᠭᠵᠢᠭᠤᠯᠵᠤ᠂ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠪᠣᠳᠠᠲᠠᠶ ᠨᠠᠷᠢᠯᠢᠭ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠵᠦ ᠢᠯᠡᠳᠭᠡᠪᠡ᠃ | |