ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠢᠭᠡᠳᠦᠮᠡᠯ | ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ | ᠨᠡᠷᠡᠶᠢᠳᠦᠯ ᠤᠨ ᠲᠣᠭᠲᠠᠭᠠᠯ ᠳᠠᠷᠤᠮᠠᠯᠯᠠᠨ ᠲᠠᠷᠬᠠᠭᠠᠵᠤ᠂ ᠬᠥᠬᠡᠬᠤᠲᠠ ᠶᠢᠨ ᠰᠠᠶᠢᠬᠠᠨ ᠲᠣᠭᠤᠷᠢᠭ᠂ ᠬᠢᠩᠭᠠᠨ | ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠠᠯᠠᠱᠠ | ᠠᠶᠢᠮᠠᠭ ᠤᠨ ᠡᠵᠡᠨ᠎ᠡ ᠬᠤᠰᠢᠭᠤᠨ ᠤ ᠳᠠᠯᠠᠶ ᠬᠥᠪ ᠪᠠᠯᠭᠠᠰᠤ ᠵᠡᠷᠭᠡ 157 ᠭᠠᠵᠠᠷ ᠣᠷᠣᠨ ᠪᠠ ᠨᠢᠭᠡᠴᠢ ᠶᠢ ᠪᠥᠬᠦ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠠᠢᠮᠠᠳᠤᠭᠠᠷ ᠪᠦᠯᠦᠭ ᠵᠢᠱᠢᠶ᠎ᠡ ᠦᠵᠡᠭᠦᠯᠬᠦ ᠲᠣᠭᠤᠷᠢᠭ | ᠵᠢᠱᠢᠶ᠎ᠡ ᠦᠵᠡᠭᠦᠯᠬᠦ ᠨᠢᠭᠡᠴᠢ ᠪᠠᠷ ᠨᠡᠷᠡᠶᠢᠳᠪᠡ᠃ | ᠣᠶᠢᠷ᠎ᠠ ᠶᠢᠨ ᠵᠢᠯ ᠳᠤ᠂ ᠪᠦᠬᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ | ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ | ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠢᠷᠭᠠᠯ | ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ | ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠨᠤᠯᠵᠢᠬᠤᠨ ᠢ ᠪᠠᠲᠤᠳᠬᠠᠵᠤ᠂ | ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ | ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠨᠢᠭᠡ ᠪᠦᠯᠦᠭ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠵᠢᠱᠢᠶ᠎ᠡ ᠦᠵᠡᠭᠦᠯᠬᠦ ᠲᠣᠭᠤᠷᠢᠭ ᠵᠢᠱᠢᠶ᠎ᠡ ᠦᠵᠡᠭᠦᠯᠬᠦ ᠨᠢᠭᠡᠴᠢ ᠴᠣᠯᠭᠤᠷᠠᠨ ᠭᠠᠷᠴᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ | ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠰᠢ ᠬᠠᠮᠲᠤᠪᠠᠷ ᠤᠷᠤᠭᠰᠢᠯᠠᠬᠤ ᠶᠢ | ᠠᠬᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠵᠡᠷᠭᠡ | ᠲᠠᠯ᠎ᠠ ᠪᠠᠷ ᠢᠳᠡᠪᠬᠢᠲᠡᠢ ᠬᠤᠪᠢ ᠨᠡᠮᠡᠷᠢ ᠦᠵᠡᠭᠦᠯᠪᠡ᠃ | |