ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠣᠯᠣᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ
ᠨᠡᠶᠢᠲᠡᠯᠡᠭᠰᠡᠨ ᠴᠠᠭ᠄
2022/10/29
    9 ᠰᠠᠷ᠎ᠠ ᠶᠢᠨ 27᠎ ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠣᠯᠣᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃    ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ  ᠳᠤ ᠣᠲᠣ 61 ᠪᠦᠷᠢᠯᠳᠦᠭᠦᠨ ᠲᠠᠢ᠂ 54 ᠬᠥᠮᠥᠨ ᠨᠢ ᠲᠣᠰ ᠤᠳᠠᠭᠠᠨ ᠤ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ ᠬᠤᠷᠠᠯ ᠢ ᠡᠷᠭᠢᠯᠡᠵᠦ᠂ ᠳᠡᠳ᠋ ᠡᠷᠭᠢᠯᠡᠭᠴᠢ ᠵᠠᠩ ᠶᠤᠸᠠᠨ ᠵᠥᠩ᠂ ᠳ᠋ᠤᠸᠠᠨ ᡁᠢ ᠴᠢᠶᠠᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠭᠦ ᠬᠤᠷᠢᠶᠠᠨ ᠤ ᠳᠠᠷᠤᠭ᠎ᠠ ᠶᠠᠩ ᠽᠥᠩ ᠷᠧᠨ ᠬᠤᠷᠠᠯ ᠳᠤ ᠰᠤᠯᠠ ᠣᠷᠣᠯᠴᠠᠵᠠᠢ᠃    ᠬᠤᠷᠠᠯ ᠠᠴᠠ ᠵᠠᠩ ᠱᠤᠤ ᠴᠦᠨ ᠤ ᠬᠢᠭᠰᠡᠨ ︽ᠬᠥᠯᠥᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ︾ ᠵᠢᠴᠢ ᠴᠠᠭᠠᠨᠨᠠᠭᠤᠷ ᠤᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠬᠤᠸᠠᠩ ᠶᠠ ᠯᠢ ᠶᠢᠨ ᠬᠢᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠬᠴᠢᠳ ᠤᠨ ᠳᠠᠰᠬᠠᠯ ᠳᠠᠭᠠᠭᠠᠯᠭᠠᠪᠤᠷᠢ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠴᠢᠨᠠᠭᠰᠢᠳᠠ ᠬᠥᠩᠭᠡᠷᠡᠭᠦᠯᠬᠦ ᠬᠠᠮᠢᠶ᠎ᠠ ᠪᠦᠬᠦᠢ ᠪᠠᠶᠢᠳᠠᠯ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠭᠤᠤ ᠵᠠᠨ ᠱᠧᠩ ᠤᠨ ᠬᠢᠭᠰᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠭᠦ ᠲᠠᠯ᠎ᠠ ᠪᠠᠷ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠮᠡᠳᠡᠭᠦᠯᠦᠯᠲᠡ ᠶᠢ ᠬᠢᠨᠠᠨ ᠵᠥᠪᠯᠡᠭᠰᠡᠨ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠵᠢᠶᠠᠨ ᠰᠢᠶᠣᠣ ᠸᠧᠨ ᠤ ᠬᠢᠭᠰᠡᠨ ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢᠨ ᠬᠡᠷᠡᠭ ᠢ ᠰᠢᠢᠳᠪᠦᠷᠢᠯᠡᠭᠰᠡᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ᠂ ᠭᠡᠰᠢᠭᠦᠨ᠂ ᠬᠡᠰᠡᠭ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠭᠰᠠᠨ ᠬᠤᠳᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠨ ᠨᠥᠬᠦᠳ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1