9 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ | ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯ | ᠬᠦᠬᠡᠬᠤᠲᠠ ᠳᠤ ᠡᠬᠢᠯᠡᠪᠡ᠂ ᠬᠤᠷᠠᠯ ᠨᠢ ︽︿ᠬᠤᠣᠰ ᠨᠡᠭᠦᠷᠡᠰᠦᠲᠥ᠋ᠷᠥᠭᠴᠢ﹀ ᠶᠢᠨ ᠠᠬᠤᠢ ᠪᠠᠶᠢᠳᠠᠯ ᠳᠣᠣᠷᠠᠬᠢ | ᠥᠪᠥᠷ ᠮᠣᠩᠭᠤᠯ ᠤᠨ ᠠᠵᠤ ᠠᠬᠤᠢ ᠶᠢᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ︾ | ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠵᠥᠪᠯᠡᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠰᠢᠦ ᠯᠢᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋ ᠬᠤᠷᠠᠯ ᠢ ᠡᠷᠬᠢᠯᠡᠪᠡ᠃ ᠥᠪᠡᠷᠲᠡᠭᠡᠨ | ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠣ ᠴᠦᠨ ᠬᠤᠷᠠᠯ ᠳᠤ ᠣᠷᠣᠯᠴᠠᠭᠰᠠᠨ ᠪᠦᠭᠡᠳ ᠪᠠᠶᠢᠳᠠᠯ ᠢ | ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠩ ᠹᠦ᠋ | ᠲᠢᠶᠠᠨ᠂ ᠯᠢᠦ ᠰᠢᠨ ᠯᠧ᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠡᠧᠦ ᠶᠠᠩ ᠰᠢᠶᠣᠣ ᠬᠤᠢ᠂ ᠸᠧᠢ | ᠭᠦᠸᠧ ᠨᠠᠨ ᠵᠢᠴᠢ ᠨᠠᠷᠢᠨ ᠪᠢᠴᠢᠭ ᠤᠨ ᠳᠠᠷᠤᠭ᠎ᠠ ᠳ᠋ᠢ ᠷᠦᠢ ᠮᠢᠩ ᠬᠤᠷᠠᠯ ᠳᠤ ᠣᠷᠣᠯᠴᠠᠵᠠᠢ᠃ | ᠵᠠᠩ ᠱᠣᠣ ᠴᠦᠨ ᠪᠠᠶᠢᠳᠠᠯ ᠢ ᠮᠡᠳᠡᠭᠳᠡᠬᠦ ᠳᠡᠭᠡᠨ᠂ ᠣᠶᠢᠷ᠎ᠠ ᠶᠢᠨ ᠵᠢᠯ ᠤᠨ ᠲᠤᠷᠰᠢ ᠥᠪᠡᠷᠲᠡᠭᠡᠨ ᠵᠠᠰᠠᠬᠤ | ᠣᠷᠣᠨ ︽ᠬᠤᠤᠰ ᠨᠡᠭᠦᠷᠡᠰᠦᠲᠥ᠋ᠷᠥᠭᠴᠢ︾ ᠶᠢᠨ ᠲᠤᠬᠠᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ︽ | ᠬᠤᠤᠰ ᠨᠡᠭᠦᠷᠡᠰᠦᠲᠥ᠋ᠷᠥᠭᠴᠢ︾ ᠶᠢᠨ ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ ᠶᠢᠨ ᠰᠢᠰᠲ᠋ᠧᠮ ᠢ ᠬᠦᠴᠦᠯᠡᠨ | ᠪᠠᠶᠢᠭᠤᠯᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠭᠦᠨᠵᠡᠭᠡᠶ | ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠭᠡᠨ ᠠᠬᠢᠭᠤᠯᠵᠤ᠂ | ᠠᠷᠪᠢᠯᠠᠬᠤ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠭᠤᠣᠯᠳᠠᠯᠭ᠎ᠠ ᠲᠠᠢ ᠬᠦᠷᠢᠶᠡᠨ ᠳᠠᠬᠢ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠵᠤ᠂ | ᠪᠣᠬᠢᠷᠲᠤᠯ ᠥᠬᠡᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠲᠡᠶᠢᠰᠢ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ | ᠨᠡᠭᠦᠷᠡᠰᠦᠨ ᠤ ᠬᠡᠷᠡᠭᠯᠡᠭᠡ ᠶᠢ ᠣᠷᠣᠯᠠᠭᠤᠯᠬᠤ ᠪᠠ ᠬᠡᠯᠪᠡᠷᠢ ᠶᠢ ᠬᠤᠪᠢᠷᠠᠭᠤᠯᠬᠤ᠂ ᠳᠠᠬᠢᠯᠲᠠ ᠡᠨᠧᠷᠭᠢ ᠶᠢᠨ | ᠬᠥᠭᠵᠢᠯᠲᠡ᠂ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ ᠪᠠᠶᠢᠭᠤᠯᠬᠤ ᠪᠠ ︽ᠬᠤᠤᠰ ᠨᠡᠭᠦᠷᠡᠰᠦᠲᠥ᠋ᠷᠥᠭᠴᠢ︾ ᠶᠢᠨ | ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠶᠢᠨ ᠲᠤᠭᠤᠷᠢᠨ ᠳᠤ᠂ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠲᠡᠭᠦᠯᠳᠡᠷᠵᠢᠭᠦᠯᠵᠦ᠂ ᠡᠨᠧᠷᠭᠢ ᠶᠢᠨ ᠬᠤᠷᠣᠭᠳᠠᠯ ᠤᠨ ᠬᠤᠤᠰ | ᠡᠵᠡᠮᠳᠡᠯ ᠠᠴᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠤᠰ ᠡᠵᠡᠮᠳᠡᠯ ᠲᠡᠶᠢᠰᠢ ᠬᠤᠪᠢᠷᠠᠬᠤ ᠶᠢ ᠪᠥᠬᠦ | ᠬᠦᠴᠦᠨ ᠢᠶᠠᠷ ᠠᠬᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠰᠠᠶᠢᠲᠤᠷ | ᠵᠠᠮᠨᠠᠨ᠎ᠠ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ᠂ ᠮᠠ ᠰᠢᠤᠸᠠᠢ ᠵᠢᠶᠦ᠋ᠨ ᠵᠥᠪᠯᠡᠬᠦ ᠰᠡᠳᠦᠪ ᠤᠨ ᠲᠣᠭᠤᠷᠢᠨ ᠳᠤ ᠭᠤᠣᠯ ᠰᠡᠳᠦᠪᠲᠦ ᠶᠠᠷᠢᠶ᠎ᠠ | ᠲᠠᠯᠪᠢᠪᠠ᠃ ᠳ᠋ᠦ᠋ ᠹᠧᠩ ᠯᠢᠶᠠᠨ᠂ ᠭᠦᠸᠧ ᠶᠢᠨ ᠰᠥᠩ᠂ ᠶᠠᠩ ᠯᠢ ᠮᠢᠨ᠂ ᠵᠢᠶᠠ ᠵᠧᠨ ᠭᠦᠸᠧ᠂ ᠵᠣᠣ ᠶᠦᠨ ᠫᠢᠩ | ᠂ ᠸᠠᠩ ᠮᠢᠩ ᠫᠧᠢ ᠵᠡᠷᠭᠡ 6 ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠲᠤᠰᠬᠠᠢ ᠮᠡᠷᠭᠡᠵᠢᠯᠲᠡᠨ ᠠᠳᠠᠯᠢ | ᠪᠤᠰᠤ ᠬᠠᠷᠠᠭᠠᠰᠤ ᠠᠴᠠ ᠶᠡᠭᠡ ᠬᠤᠷᠠᠯ ᠳᠡᠭᠡᠷ᠎ᠡ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠦᠬᠦᠳ ᠲᠤᠰᠬᠠᠢ ᠰᠡᠳᠦᠪᠲᠤ ᠲᠠᠨᠢᠯᠴᠠᠭᠤᠯᠭ᠎ᠠ ᠬᠢᠭᠰᠡᠨ ᠪᠦᠭᠡᠳ ᠭᠡᠰᠢᠭᠦᠳ ᠲᠠᠢ | ᠰᠠᠨᠠᠯ ᠢᠶᠠᠨ ᠰᠣᠯᠢᠯᠴᠠᠪᠠ᠃ | ᠡᠬᠢᠯᠡᠯᠲᠡ ᠶᠢᠨ ᠶᠣᠰᠣᠯᠠᠯ ᠠᠴᠠ ᠡᠮᠦᠨ᠎ᠡ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ | ᠠᠺᠠᠳᠧᠮᠢᠴᠢ᠂ ᠳᠤᠮᠳᠠᠳᠤ ᠤᠯᠤᠰ ᠤᠨ ᠠᠭᠤᠷᠬᠠᠶ ᠶᠢᠨ ᠦᠢᠯᠡᠰ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ | ᠤᠯᠤᠰ ᠤᠨ ᠨᠡᠭᠦᠷᠡᠰᠦᠨ ᠠᠭᠤᠷᠬᠠᠶ ᠶᠢᠨ ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ ᠢᠨᠵᠧᠨᠧᠷᠢᠩ ᠤᠨ | ᠮᠡᠷᠭᠡᠵᠢᠯ ᠤᠨ ᠰᠤᠳᠤᠯᠭᠠᠨ ᠤ ᠲᠥᠪ ᠤᠨ ᠡᠷᠬᠢᠯᠡᠭᠴᠢ ᠦ᠋ ᠴᠢᠶᠠᠩ ᠤᠷᠢᠯᠭ᠎ᠠ ᠪᠠᠷ ︽ᠡᠨᠧᠷᠭᠢ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠳᠠᠯ ᠪᠠ ᠠᠭᠤᠷᠬᠠᠶ ᠶᠢᠨ ᠣᠷᠴᠢᠨ ᠲᠣᠭᠤᠷᠢᠨ ᠤ ᠠᠰᠠᠭᠤᠳᠠᠯ ᠬᠢᠭᠡᠳ ᠠᠷᠭᠠᠴᠠᠭᠠᠬᠤ ᠪᠣᠳᠣᠯᠭ᠎ᠠ | ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠪᠠ᠃ | |