ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠣᠯᠣᠳᠤᠭᠠᠷ ᠬᠤᠷᠠᠯ ᠵᠥᠪᠯᠡᠬᠦ ᠵᠦᠢᠯᠡᠰ ᠢᠶᠠᠨ ᠲᠡᠭᠦᠰ | ᠠᠮᠵᠢᠯᠲᠠ ᠲᠠᠢ ᠪᠡᠶᠡᠯᠡᠭᠦᠯᠵᠦ᠂ 9 ᠰᠠᠷ᠎ᠠ ᠶᠢᠨ 28 ᠤ ᠦᠳᠡ ᠶᠢᠨ ᠬᠤᠶᠢᠨ᠎ᠠ ᠲᠡᠭᠦᠰᠪᠡ᠃ | ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠣᠳᠣ 61 ᠪᠦᠷᠢᠯᠳᠦᠬᠦᠨ ᠲᠠᠢ᠂ 56 ᠬᠥᠮᠥᠨ ᠨᠢ ᠲᠣᠰ | ᠤᠳᠠᠭᠠᠨ ᠤ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠠᠶᠢᠴᠡᠪᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠣᠣ ᠴᠦᠨ ᠲᠡᠭᠦᠰᠬᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠢ᠃ ᠳᠡᠳ᠋ ᠡᠷᠭᠢᠯᠡᠭᠴᠢ ᠵᠠᠩ ᠶᠤᠸᠠᠨ ᠵᠥᠩ᠂ ᠳ᠋ᠤᠸᠠᠨ ᡁᠢ ᠴᠢᠶᠠᠩ᠂ ᠨᠠᠷᠢᠨ ᠪᠢᠴᠢᠭ ᠤᠨ ᠳᠠᠷᠤᠭ᠎ᠠ ᠱᠢ | ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ | ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠵᠠᠢ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠶᠢᠨ ᠳᠤᠷ᠎ᠠ ᠶᠢᠨ | ᠦᠢᠯᠡᠴᠢᠯᠡᠭᠡᠨ ᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠳᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠢᠯᠴᠢ ᠬᠠᠩᠭᠠᠬᠤ ᠳᠦᠷᠢᠮ ︵ᠵᠠᠰᠠᠪᠤᠷᠢ | ᠣᠷᠣᠭᠤᠯᠤᠭᠰᠠᠨ︶ ︾ ᠢ ᠪᠠᠲᠤᠯᠠᠪᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ | ᠰᠡᠷᠭᠡᠶᠢᠯᠡᠵᠦ ᠭᠠᠯ ᠤᠨᠲᠠᠷᠠᠭᠠᠬᠤ ᠳᠦᠷᠢᠮ︾ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠠᠨ ᠤ ᠬᠢᠵᠢᠭ ᠢ ᠰᠡᠷᠭᠡᠶᠢᠯᠡᠬᠦ ᠳᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ | ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠣᠰᠣᠨ ᠤ ᠬᠠᠤᠯᠢ﹀ ᠶᠢ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠳᠦᠷᠢᠮ ᠲᠣᠭᠲᠠᠭᠠᠯ ᠳᠤ ᠲᠣᠭᠲᠠᠭᠠᠭᠰᠠᠨ ᠲᠣᠷᠭᠠᠭᠤᠯᠢ ᠶᠢᠨ ᠵᠣᠭᠤᠰ ᠤᠨ ᠬᠢᠵᠠᠭᠠᠷ ᠲᠤᠭ᠎ᠠ ᠶᠢᠨ ᠲᠣᠭᠲᠠᠭᠠᠯ︾ | ᠵᠡᠷᠭᠡ ᠣᠷᠣᠨ ᠨᠤᠲᠤᠭ ᠤᠨ ᠴᠢᠨᠠᠷᠲᠠᠢ 4 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ᠂ | ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠵᠤ ᠠᠬᠤᠢ ᠶᠢᠨ ᠬᠢᠨᠠᠯᠲᠠ ᠲᠠᠯᠪᠢᠬᠤ ᠠᠷᠭ᠎ᠠ︾ ᠶᠢ ᠬᠦᠴᠦᠨ ᠦᠭᠡᠢ ᠪᠣᠯᠭᠠᠬᠤ | ᠲᠣᠭᠲᠠᠭᠠᠯ ᠢ ᠪᠠᠲᠤᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ︽ᠬᠥᠬᠡᠬᠤᠲᠠ ᠶᠢᠨ ᠨᠡᠶᠢᠭᠡᠮ ᠤᠨ ᠵᠠᠰᠠᠯᠲᠠ ᠶᠢ ᠠᠬᠢᠭᠤᠯᠬᠤ ᠳᠦᠷᠢᠮ︾ ᠢ | ᠵᠥᠪᠰᠢᠶᠡᠷᠡᠬᠦ ᠲᠤᠬᠠᠢ ᠰᠢᠢᠳᠪᠦᠷᠢ᠂ ︽︿ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠵᠢᠯ ᠤᠨ ᠳᠦᠷᠢᠮ﹀ ᠳᠤ ᠵᠠᠰᠠᠪᠤᠷᠢ ᠣᠷᠤᠭᠤᠯᠬᠤ ᠲᠤᠬᠠᠢ ᠬᠥᠬᠡᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠵᠥᠪᠰᠢᠶᠡᠷᠡᠬᠦ | ᠲᠤᠬᠠᠢ ᠰᠢᠢᠳᠪᠦᠷᠢ᠂ ︽ᠲᠦᠩᠯᠢᠶᠤᠤ ᠬᠤᠲᠠ ᠶᠢᠨ ᠣᠨᠴᠠᠭᠠᠢ ᠴᠠᠭ ᠠᠭᠤᠷ ᠢ ᠠᠷᠭᠠᠴᠠᠭᠠᠬᠤ ᠳᠦᠷᠢᠮ︾ ᠢ | ᠵᠥᠪᠰᠢᠶᠡᠷᠡᠬᠦ ᠲᠤᠬᠠᠢ ᠰᠢᠢᠳᠪᠦᠷᠢ᠂ ︽ᠤᠯᠠᠭᠠᠨᠬᠠᠳᠠ ᠬᠤᠲᠠ ᠶᠢᠨ ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ | ᠳᠦᠷᠢᠮ︾ ᠢ ᠵᠥᠪᠰᠢᠶᠡᠷᠡᠬᠦ ᠲᠤᠬᠠᠢ ᠰᠢᠢᠳᠪᠦᠷᠢ᠂ ︽︿ᠤᠯᠠᠭᠠᠨᠬᠠᠳᠠ ᠬᠤᠲᠠ ᠶᠢᠨ ᠪᠡᠯᠴᠢᠭᠡᠷᠯᠡᠭᠦᠯᠬᠦ ᠶᠢ | ᠴᠠᠭᠠᠵᠠᠯᠠᠬᠤ ᠪᠡᠯᠴᠢᠭᠡᠷ ᠢ ᠠᠮᠠᠷᠠᠭᠤᠯᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ﹀ ᠵᠡᠷᠭᠡ | ᠣᠷᠣᠨ ᠨᠤᠲᠤᠭ ᠤᠨ ᠴᠢᠨᠠᠷᠲᠠᠢ 4 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠤᠯᠠᠭᠠᠨᠬᠠᠳᠠ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ | ᠵᠥᠪᠰᠢᠶᠡᠷᠡᠬᠦ ᠲᠤᠬᠠᠢ ᠰᠢᠢᠳᠪᠦᠷᠢ᠂ ︽︿ᠤᠯᠠᠭᠠᠨᠴᠠᠪ ᠬᠤᠲᠠ ᠶᠢᠨ ᠲᠠᠭ᠎ᠠ ᠶᠢᠨ ᠨᠠᠭᠤᠷ ᠬᠢᠭᠢᠷᠢ ᠶᠢᠨ ᠨᠠᠭᠤᠷ ᠤᠨ | ᠬᠠᠮᠠᠭᠠᠯᠠᠯᠲᠠ ᠶᠢᠨ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠵᠥᠪᠰᠢᠶᠡᠷᠡᠬᠦ ᠲᠤᠬᠠᠢ | ᠰᠢᠢᠳᠪᠦᠷᠢ᠂ ︽︿ᠤᠯᠠᠭᠠᠨᠴᠠᠪ ᠬᠤᠲᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ﹀ ᠳᠤ ᠵᠠᠰᠠᠪᠤᠷᠢ | ᠣᠷᠣᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠵᠥᠪᠰᠢᠶᠡᠷᠡᠬᠦ ᠲᠤᠬᠠᠢ ᠰᠢᠢᠳᠪᠦᠷᠢ ᠶᠢ ᠪᠠᠲᠤᠯᠠᠪᠠ᠃ | ᠬᠤᠷᠠᠯ ᠠᠴᠠ ︽ᠮᠠᠯᠵᠢᠬᠤ ᠲᠠᠷᠢᠶᠠᠯᠠᠬᠤ ᠣᠷᠣᠨ ᠤ ᠵᠣᠷᠯᠤᠩ ᠢ ᠥᠭᠡᠷᠡᠴᠢᠯᠡᠨ ᠰᠠᠶᠢᠵᠢᠷᠠᠭᠤᠯᠬᠤ ᠠᠵᠢᠯ ᠢ | ᠭᠦᠨᠵᠡᠭᠡᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾᠂ ︽2022 ᠣᠨ ᠤ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠥᠪ ᠲᠤ ᠲᠣᠬᠢᠷᠠᠭᠤᠯᠤᠯᠲᠠ ᠬᠢᠬᠦ ᠲᠥᠰᠥᠯ ᠢ ᠵᠥᠪᠰᠢᠶᠡᠷᠡᠬᠦ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ︾᠂ ︽ᠣᠨᠴᠠ ᠵᠠᠷᠢᠮ ᠲᠥᠯᠥᠭᠡᠯᠡᠭᠴᠢ ᠶᠢᠨ | ᠲᠥᠯᠥᠭᠡᠯᠡᠭᠴᠢ ᠶᠢᠨ ᠬᠢᠷᠢ ᠬᠡᠮ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ︾ ᠶᠢ ᠪᠠᠲᠤᠯᠠᠪᠠ᠃ | ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ | ᠵᠦᠢᠯᠡᠰ ᠢ ᠪᠠᠲᠤᠯᠠᠪᠠ᠃ | ᠯᠢᠨ ᠱᠣᠣ ᠴᠦᠨ ᠰᠡᠴᠡᠨᠪᠢᠯᠢᠭ᠂ ᠡᠦ ᠬᠠᠢ ᠯᠦᠩ᠂ ᠭᠤᠤ ᠵᠠᠨ ᠱᠧᠩ᠂ ᠱᠧᠩ ᠰᠢᠶᠣᠣ ᠶᠢᠦ᠂ ᠵᠠᠩ ᠬᠤᠩ | ᠹᠦ᠋᠂ ᠴᠢᠨ ᠶᠠᠨ᠂ ᠯᠢ ᠵᠢᠶᠠᠨ ᠫᠢᠩ ᠳᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠠᠢ᠃ | ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃ | ᠬᠤᠷᠠᠯ ᠠᠴᠠ᠂ ᠬᠢᠨᠡᠨ ᠵᠥᠪᠯᠡᠵᠦ ᠪᠠᠲᠤᠯᠠᠭᠰᠠᠨ ᠡᠯ᠎ᠡ ᠵᠦᠢᠯ ᠤᠨ ᠬᠠᠤᠯᠢ ᠲᠣᠭᠲᠠᠭᠠᠯ᠂ ᠭᠠᠷᠭᠠᠭᠰᠠᠨ | ᠰᠢᠢᠳᠪᠦᠷᠢ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠬᠠᠭᠤᠯᠤᠨ ᠲᠠᠶᠢᠯᠪᠤᠷᠢᠯᠠᠬᠤ ᠪᠠᠨ ᠴᠢᠩᠭᠠᠳᠬᠠᠵᠤ | ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠨᠡᠶᠢᠭᠡᠮ ᠳᠤ ᠬᠠᠤᠯᠢ ᠶᠢ ᠬᠦᠨᠳᠦᠳᠬᠡᠬᠦ ᠬᠠᠤᠯᠢ ᠶᠢ | ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠣᠷᠴᠢᠨ ᠠᠬᠤᠢ ᠶᠢ ᠴᠢᠷᠮᠠᠶᠢᠨ ᠪᠣᠢ | ᠪᠣᠯᠭᠠᠵᠤ᠂ ᠬᠠᠤᠯᠢ ᠲᠣᠭᠲᠠᠭᠠᠯ ᠢ ᠦᠨᠡᠨ ᠬᠦ ᠬᠠᠭᠤᠳᠠᠰᠤ ᠴᠠᠭᠠᠰᠤ ᠠᠴᠠ ᠪᠣᠳᠠᠲᠤ ᠠᠮᠢᠳᠤᠷᠠᠯ ᠳᠤ ᠣᠷᠣᠭᠤᠯᠬᠤ | ᠬᠡᠷᠡᠭᠲᠡᠢ᠃ ᠠᠩᠬ᠎ᠠ ᠬᠢᠨᠠᠨ ᠵᠥᠪᠯᠡᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠲᠥᠰᠥᠯ ᠳᠤ | ᠴᠢᠨᠠᠭᠰᠢᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠬᠠᠤᠯᠢ ᠲᠣᠭᠲᠠᠭᠠᠯᠲᠠ ᠶᠢᠨ | ᠪᠣᠳᠠᠲᠠᠢ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠮᠢᠶ᠎ᠠ ᠪᠦᠬᠦᠢ | ᠲᠣᠭᠤᠷᠢᠭ ᠪᠠᠶᠢᠭᠤᠯᠤᠭᠰᠠᠨ ᠬᠤᠲᠠ ᠨᠤᠭᠤᠳ ᠬᠤᠷᠠᠯ ᠢᠶᠠᠷ ᠵᠥᠪᠰᠢᠶᠡᠷᠡᠭᠦᠯᠦᠭᠰᠡᠨ ᠣᠷᠣᠨ ᠨᠤᠲᠤᠭ ᠤᠨ ᠴᠢᠨᠠᠷᠲᠠᠢ | ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ | ᠠᠳᠬᠤᠬᠤ ᠬᠡᠷᠡᠭᠲᠡᠢ᠃ ᠬᠤᠷᠠᠯ ᠠᠴᠠ ᠰᠣᠨᠣᠰᠤᠭᠰᠠᠨ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢ ᠬᠠᠮᠢᠶ᠎ᠠ | ᠪᠦᠬᠦᠢ ᠠᠵᠢᠯ ᠤᠨ ᠵᠥᠪᠯᠡᠯ ᠬᠢᠨᠡᠨ ᠵᠥᠪᠯᠡᠭᠰᠡᠨ ᠰᠠᠨᠠᠯ ᠢᠶᠠᠨ ᠬᠢᠨᠠᠮᠠᠭᠠᠢ ᠲᠤᠭᠤᠷᠪᠢᠵᠤ᠂ ᠡᠷᠭᠢᠯᠡᠭᠴᠢᠳ ᠤᠨ | ᠬᠤᠷᠠᠯ ᠢᠶᠠᠷ ᠰᠤᠳᠤᠯᠤᠭᠤᠯᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ | ᠰᠢᠯᠵᠢᠭᠦᠯᠦᠨ ᠲᠤᠰᠢᠶᠠᠵᠤ ᠰᠤᠳᠤᠯᠤᠨ ᠰᠢᠢᠳᠪᠦᠷᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠢᠨᠠᠯᠲᠠ ᠲᠠᠯᠪᠢᠬᠤ | ᠠᠵᠢᠯ ᠳᠤ ᠪᠠᠰᠠ ᠠᠰᠠᠭᠤᠳᠠᠯ ᠤᠨ ᠨᠠᠷᠢᠨ ᠳᠠᠩᠰᠠ ᠶᠢ ᠪᠦᠷᠢᠯᠳᠦᠭᠦᠯᠵᠦ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠲᠠᠭᠠᠨ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠢᠨᠠᠯᠲᠠ ᠲᠠᠯᠪᠢᠬᠤ ᠰᠡᠭᠦᠯᠴᠢ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠤᠳᠠᠯ ᠦᠭᠡᠢ ᠬᠤᠷᠠᠯᠳᠦᠬᠤ ᠭᠡᠵᠦ ᠪᠠᠶᠢᠭ᠎ᠠ ᠨᠠᠮ ᠤᠨ ᠬᠤᠷᠢᠳᠤᠭᠠᠷ ᠶᠡᠭᠡ ᠬᠤᠷᠠᠯ ᠪᠣᠯ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ | ᠣᠷᠣᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠦᠬᠤ ᠨᠢᠭᠡ ᠤᠳᠠᠭᠠᠨ ᠤ ᠲᠦᠢᠯ ᠤᠨ ᠴᠢᠬᠤᠯᠠ ᠶᠡᠭᠡ ᠬᠤᠷᠠᠯ ᠪᠠᠶᠢᠵᠤ | ᠂ ᠢᠷᠡᠭᠡᠳᠦᠢ ᠶᠢᠨ 5 ᠵᠢᠯ ᠴᠢᠨᠠᠭᠰᠢᠯᠠᠪᠠᠯ ᠨᠡᠩ ᠣᠷᠳᠣ ᠬᠤᠭᠤᠴᠠᠭᠠᠨ ᠤ ᠨᠠᠮ ᠪᠣᠯᠣᠨ ᠤᠯᠤᠰ ᠤᠨ ᠠᠵᠢᠯ | ᠦᠢᠯᠡᠰ ᠤᠨ ᠬᠥᠭᠵᠢᠯᠳᠡ ᠶᠢᠨ ᠬᠠᠷᠠᠯᠲᠠ ᠡᠭᠦᠷᠭᠡ ᠪᠣᠯᠣᠨ ᠦᠨᠳᠦᠰᠦᠨ ᠪᠣᠳᠣᠯᠭ᠎ᠠ ᠴᠢᠭᠯᠡᠯᠲᠡ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠬᠦ ᠪᠣᠯᠣᠨ᠎ᠠ᠃ ᠪᠦᠷᠢᠯᠳᠦᠬᠦᠨ ᠨᠠᠷ ᠪᠣᠯᠣᠨ ᠪᠥᠬᠦ ᠣᠷᠣᠨ ᠤ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠣᠷᠭᠢᠯᠤᠮ᠎ᠠ ᠬᠠᠯᠠᠭᠤᠨ ᠣᠶᠣᠨ ᠰᠠᠨᠠᠭᠠᠨ ᠤ ᠳᠦᠷᠰᠦ | ᠪᠠᠶᠢᠳᠠᠯ ᠪᠣᠯᠣᠨ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠢᠯᠠᠯᠲᠠ ᠲᠠᠢ ᠬᠤᠷᠠᠯᠳᠦᠬᠤ ᠶᠢ ᠤᠭᠲᠤᠬᠤ ᠬᠡᠷᠡᠭᠲᠡᠢ᠃ ᠶᠡᠭᠡ ᠬᠤᠷᠠᠯ ᠬᠤᠷᠠᠯᠳᠤᠭᠰᠠᠨ ᠤ ᠳᠠᠷᠠᠭ᠎ᠠ᠂ | ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠤᠬᠠᠭᠤᠯᠵᠤ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ | ᠲᠥᠷᠥ ᠶᠢᠨ ᠡᠭᠦᠷᠭᠡ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠭᠡ ᠬᠤᠷᠠᠯ ᠤᠨ ᠵᠣᠷᠢᠭ | ᠰᠠᠨᠠᠭ᠎ᠠ ᠲᠠᠢ ᠴᠢᠨᠠᠭᠰᠢᠳᠠ ᠨᠢᠭᠡᠳᠬᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠲᠥᠯᠥᠪᠵᠢᠭᠦᠯᠦᠨ ᠠᠬᠢᠭᠤᠯᠵᠤ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ | ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠪᠦᠲᠦᠮᠵᠢᠲᠠᠢ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ | ᠵᠥᠪᠯᠡᠯ ᠤᠨ ᠳᠡᠳ᠋ ᠡᠷᠭᠢᠯᠡᠭᠴᠢ ᠭᠡᠰᠢᠭᠦᠨ᠂ ᠭᠡᠰᠢᠭᠦᠨ᠂ ᠬᠡᠰᠡᠭ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ᠂ ᠠᠶᠢᠮᠠᠭ ᠤᠨ ᠠᠵᠢᠯ ᠤᠨ ᠵᠥᠪᠯᠡᠯ᠂ ᠡᠯ᠎ᠡ ᠲᠣᠭᠤᠷᠢᠭ | ᠪᠠᠶᠢᠭᠤᠯᠤᠭᠰᠠᠨ ᠬᠤᠳᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ | ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ | |