9 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ | ᠴᠧᠩ ᠭᠦᠭᠡᠬᠤᠲᠠ ᠳᠤ ᠪᠡᠭᠡᠵᠢᠩ ᠤᠨ ᠡᠨᠧᠷᠭᠢ ᠶᠢᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ | ᠮᠡᠳᠡᠭᠴᠢᠳ ᠤᠨ ᠳᠠᠷᠤᠭ᠎ᠠ ᠵᠢᠶᠠᠩ ᠹᠠᠨ ᠲᠠᠢ ᠠᠭᠤᠯᠵᠠᠪᠠ᠃ | | | | ᠰᠦᠨ ᠱᠤᠤ ᠴᠧᠩ ᠡᠩ ᠲᠡᠷᠢᠭᠦᠨ ᠳᠤ ᠪᠡᠭᠡᠵᠢᠩ ᠤᠨ ᠡᠨᠧᠷᠭᠢ ᠶᠢᠨ ᠪᠦᠯᠦᠭᠯᠡᠯ ᠤᠨ ᠤᠷᠳᠤ ᠬᠤᠭᠤᠴᠠᠭᠠᠨ ᠤ | ᠲᠤᠷᠰᠢ ᠥᠪᠥᠷ ᠮᠣᠩᠭᠤᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠪᠠ᠃ ᠲᠡᠷᠡ᠂ ᠨᠡᠶᠢᠰᠯᠡᠯ ᠳᠤ | ᠪᠣᠬᠢᠷᠳᠤᠯ ᠦᠭᠡᠢ ᠴᠠᠭᠢᠯᠭᠠᠨ ᠢ ᠢᠯᠡᠭᠦᠬᠡᠨ ᠭᠦᠷᠭᠡᠭᠦ ᠪᠣᠯ ᠥᠪᠥᠷ ᠮᠣᠩᠭᠤᠯ ᠤᠨ ᠪᠤᠳᠤᠬᠰᠠᠭᠠᠷ ᠢᠷᠡᠭᠰᠡᠨ ᠶᠠᠪᠤᠳᠠᠯ | ᠶᠤᠮ᠃ ᠣᠳᠣᠬᠠᠨ ᠳᠤ ᠮᠠᠨ ᠤ ᠣᠷᠣᠨ ᠤ ᠰᠢᠨ᠎ᠡ ᠡᠨᠧᠷᠭᠢ ᠶᠢᠨ ᠬᠥᠭᠵᠢᠯᠲᠡ ᠶᠢᠨ ᠬᠠᠮᠤᠭ ᠤᠨ ᠶᠡᠭᠡ ᠬᠠᠷᠰᠢ | ᠰᠠᠭᠠᠳ ᠪᠣᠯ ᠪᠠᠭᠲᠠᠭᠠᠨ ᠰᠢᠩᠭᠡᠭᠡᠬᠦ ᠴᠢᠳᠠᠪᠤᠷᠢ ᠬᠦᠷᠦᠯᠴᠡᠬᠦ ᠦᠭᠡᠢ᠂ ᠡᠭᠦᠨ ᠤ ᠬᠠᠮᠲᠤ ᠨᠡᠪᠲᠡᠷᠡᠬᠦ ᠵᠠᠮ ᠬᠦᠷᠦᠯᠴᠡᠬᠦ | ᠦᠭᠡᠢ ᠠᠴᠠ ᠪᠣᠯᠵᠤ ᠭᠠᠷᠭᠠᠭᠰᠠᠨ ᠴᠠᠭᠢᠯᠭᠠᠨ ᠢᠶᠠᠨ ᠬᠦᠷᠭᠡᠵᠦ ᠳᠡᠶᠢᠯᠭᠦ ᠦᠭᠡᠢ ᠪᠠᠶᠢᠨ᠎ᠠ᠃ ᠪᠢᠳᠡ ᠳᠤᠷᠠᠲᠠᠶ᠎ᠠ | ᠪᠡᠭᠡᠵᠢᠩ ᠤᠨ ᠡᠨᠧᠷᠭᠢ ᠶᠢᠨ ᠪᠦᠯᠦᠭᠯᠡᠯ ᠲᠠᠢ ᠬᠠᠮᠲᠤ ᠪᠠᠷ ᠴᠢᠷᠮᠠᠶᠢᠵᠤ᠂ ᠪᠣᠬᠢᠷᠳᠤᠯ ᠦᠭᠡᠢ ᠴᠠᠭᠢᠯᠭᠠᠨ ᠤ | ᠪᠡᠭᠡᠵᠢᠩ ᠳᠤ ᠣᠷᠣᠬᠤ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠥᠪᠥᠷ ᠮᠣᠩᠭᠤᠯ | ᠪᠣᠯᠣᠨ ᠪᠡᠭᠡᠵᠢᠩ ᠤᠨ ᠡᠨᠧᠷᠭᠢ ᠶᠢᠨ ᠪᠦᠯᠦᠭᠯᠡᠯ ᠤᠨ ᠬᠠᠮᠲᠤᠷᠠᠯᠴᠠᠭᠠᠨ ᠤ ᠣᠷᠣᠨ ᠵᠠᠢ ᠯᠤᠲᠤ ᠶᠡᠭᠡ ᠪᠠᠶᠢᠨ᠎ᠠ᠂ | ᠪᠡᠭᠡᠵᠢᠩ ᠤᠨ ᠡᠨᠧᠷᠭᠢ ᠶᠢᠨ ᠪᠦᠯᠦᠭᠯᠡᠯ ᠤᠨ ᠬᠢᠨ ᠳᠤ ᠮᠠᠨ ᠤ ᠣᠷᠣᠨ ᠤ ᠤᠯᠤᠰ ᠤᠨ ᠥᠮᠴᠢᠯᠡᠯ ᠤᠨ ᠠᠵᠤ | ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠢᠳᠡᠪᠬᠢᠲᠡᠢ ᠭᠦᠨᠵᠡᠭᠡᠶᠢᠷᠡᠭᠦᠯᠵᠦ᠂ ᠪᠢᠳᠡᠨ ᠢ | ᠬᠠᠪᠰᠤᠷᠤᠨ ᠢᠯᠡᠭᠦᠬᠡᠨ ᠠᠷᠭ᠎ᠠ ᠤᠬᠠᠭᠠᠨ ᠭᠠᠷᠭᠠᠵᠤ᠂ ᠵᠠᠷᠢᠮ ᠶᠠᠪᠤᠳᠠᠯ ᠢ ᠬᠠᠮᠲᠤ ᠪᠠᠷ ᠰᠦᠪᠡᠭᠴᠢᠯᠡᠨ ᠬᠢᠵᠦ᠂ ᠨᠡᠩ | ᠤᠯᠠᠨ ᠬᠠᠮᠲᠤᠷᠠᠯᠴᠠᠭᠠᠨ ᠤ ᠦᠷ᠎ᠡ ᠪᠦᠲᠦᠭᠡᠯ ᠭᠠᠷᠭᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠡᠯ᠎ᠡ | ᠬᠤᠯᠪᠣᠭᠳᠠᠯ ᠪᠦᠬᠦᠢ ᠲᠠᠯ᠎ᠠ ᠶᠢᠨ ᠬᠢᠨ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠲᠦᠷᠦᠭᠦᠯᠡᠨ ᠦᠢᠯᠡᠴᠢᠯᠡᠬᠦ | ᠬᠡᠷᠡᠭᠲᠡᠢ ᠭᠡᠪᠡ᠃ | | | | ᠵᠢᠶᠠᠩ ᠹᠠᠨ᠂ ᠪᠡᠭᠡᠵᠢᠩ ᠤᠨ ᠡᠨᠧᠷᠭᠢ ᠶᠢᠨ ᠪᠦᠯᠦᠭᠯᠡᠯ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠢᠳᠡᠪᠬᠢᠲᠡᠢ ᠣᠷᠤᠯᠴᠠᠬᠤ ᠪᠠ ᠦᠢᠯᠡᠴᠢᠯᠡᠵᠦ᠂ ᠳᠤᠷᠠᠲᠠᠶ᠎ᠠ | ᠪᠣᠬᠢᠷᠳᠤᠯ ᠦᠭᠡᠢ ᠴᠠᠭᠢᠯᠭᠠᠨ ᠢ ᠪᠡᠭᠡᠵᠢᠩ ᠳᠤ ᠣᠷᠣᠭᠤᠯᠬᠤ᠂ ᠪᠣᠬᠢᠷᠳᠤᠯ ᠦᠭᠡᠢ ᠴᠠᠭᠢᠯᠭᠠᠨ ᠢᠶᠠᠷ ᠤᠰᠤᠲᠥ᠋ᠷᠥᠭᠴᠢ | ᠪᠠ ᠰᠢᠪᠲᠦᠷ ᠦᠢᠯᠡᠳᠭᠦ᠂ ᠰᠢᠨ᠎ᠡ ᠡᠨᠧᠷᠭᠢ᠂ ᠢᠯᠴᠢ ᠴᠠᠭᠢᠯᠭᠠᠨ ᠢ ᠬᠤᠯᠪᠤᠭᠠᠯᠠᠨ ᠦᠢᠯᠡᠳᠪᠦᠷᠢᠯᠡᠬᠦ ᠵᠡᠷᠭᠡ | ᠲᠠᠯ᠎ᠠ ᠪᠠᠷ ᠥᠪᠥᠷ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠨ᠎ᠡ ᠭᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠰᠢᠨ ᠠᠭᠤᠯᠵᠠᠯᠲᠠ ᠳᠤ | ᠣᠷᠣᠯᠴᠠᠵᠠᠢ᠃ | |