ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠪᠦᠭᠦ ᠨᠡᠶᠢᠭᠡᠮ ᠤᠨ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/29
    9 ᠰᠠᠷ᠎ᠠ ᠶᠢᠨ 29᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠪᠦᠭᠦ ᠨᠡᠶᠢᠭᠡᠮ ᠤᠨ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠨ ᠱᠤᠤ ᠴᠧᠩ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠲᠤᠰᠬᠠᠢ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠯᠣᠭᠰᠠᠨ ᠬᠢᠷᠢ ᠪᠦᠲᠦᠮᠵᠢ ᠶᠢ ᠨᠤᠲᠠᠯᠠᠪᠠ᠃ ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠡᠭᠦᠷᠭᠡ ᠴᠢᠳᠠᠪᠬᠢ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠢ ᠨᠢᠭᠲᠠ ᠤᠶᠠᠯᠳᠤᠭᠤᠯᠤᠨ᠂ ᠤᠯᠤᠰ ᠲᠥᠷᠥ ᠶᠢᠨ ᠬᠢᠨᠠᠯᠲᠠ ᠲᠠᠯᠪᠢᠬᠤ ᠪᠠᠨ ᠦᠷᠭᠦᠯᠵᠢᠯᠡᠨ ᠴᠢᠩᠭᠠᠳᠬᠠᠵᠤ᠂ ᠰᠠᠬᠢᠯᠭ᠎ᠠ ᠪᠠᠲᠤ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠬᠤᠯᠪᠣᠭᠳᠠᠯ ᠪᠦᠬᠦᠢ ᠲᠤᠰᠬᠠᠢ ᠠᠵᠢᠯ ᠢ ᠴᠥᠬᠦᠷᠡᠰᠢ ᠦᠭᠡᠢ ᠴᠢᠩᠭ᠎ᠠ ᠠᠩᠬᠠᠷᠴᠤ ᠪᠣᠳᠠᠲᠠᠢ ᠠᠳᠬᠤᠬᠤ ᠬᠡᠷᠡᠭᠲᠡᠢ᠃ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠪᠠ ᠺᠠᠳ᠋ᠷ ᠤᠨ ᠠᠵᠢᠯ ᠬᠢᠬᠦ ᠦᠭᠡᠢ ᠶᠢ ᠴᠡᠭᠴᠡᠯᠡᠨ ᠵᠠᠰᠠᠬᠤ ᠬᠤᠶᠠᠷ ᠲᠠᠯ᠎ᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠡᠯ᠎ᠡ ᠱᠠᠲᠤᠨ ᠤ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠰᠢᠷᠭᠠᠭᠤ ᠪᠣᠳᠠᠲᠠᠢ ᠠᠵᠢᠯᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠦᠭᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠪᠠᠶᠢᠳᠠᠯ ᠪᠣᠯᠣᠨ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠡᠨᠡ ᠵᠢᠯ ᠠᠴᠠ ᠨᠠᠭᠠᠰᠢ ᠮᠠᠨ ᠤ ᠣᠷᠣᠨ ᠤ ᠠᠵᠤ ᠠᠬᠤᠢ ᠶᠢᠨ ᠪᠠᠶᠢᠳᠠᠯ ᠶᠡᠷᠦᠩᠬᠡᠢ ᠳᠡᠭᠡᠨ ᠨᠡᠯᠢᠶᠡᠳ ᠰᠠᠶᠢᠨ ᠪᠠᠶᠢᠨ᠎ᠠ᠂ ᠪᠢᠳᠡ ᠡᠯ᠎ᠡ ᠵᠦᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠶᠢ ᠲᠠᠰᠤᠷᠠᠯᠲᠠ ᠦᠭᠡᠢ ᠪᠠᠬᠢᠵᠢᠭᠦᠯᠬᠦ ᠳᠤ ᠢᠲᠡᠭᠡᠯ ᠲᠠᠢ ᠪᠠᠶᠢᠨ᠎ᠠ᠃ ᠳᠥᠷᠪᠡᠳᠦᠭᠡᠷ ᠤᠯᠠᠷᠢᠯ ᠨᠢ ᠡᠮᠦᠨ᠎ᠡ ᠬᠤᠶᠢᠨᠠᠬᠢ ᠶᠢ ᠵᠣᠯᠭᠠᠭᠤᠯᠵᠤ᠂ ᠨᠢᠭᠡ ᠲᠠᠯ᠎ᠠ ᠪᠠᠷ ᠦᠷ᠎ᠡ ᠪᠦᠲᠦᠮᠵᠢ ᠪᠠᠨ ᠬᠤᠷᠢᠶᠠᠩᠭᠤᠶᠢᠯᠠᠨ ᠳ᠋ᠦᠩᠨᠡᠭᠦ ᠠᠵᠢᠯ ᠢ ᠰᠠᠶᠢᠲᠤᠷ ᠬᠢᠵᠦ᠂ ᠨᠥᠭᠦᠭᠡ ᠲᠠᠯ᠎ᠠ ᠪᠠᠷ ᠢᠷᠡᠬᠦ ᠵᠢᠯ ᠤᠨ ᠠᠵᠢᠯ ᠢᠶᠠᠨ ᠤᠷᠢᠳᠴᠢᠯᠠᠨ ᠲᠥᠯᠥᠪᠵᠢᠭᠦᠯᠬᠦ ᠬᠡᠷᠡᠭᠲᠡᠢ᠃ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠳᠬᠡᠨ ᠠᠬᠢᠭᠤᠯᠵᠤ᠂ ︽ᠪᠡᠯᠡ ᠣᠷᠣᠭᠤᠯᠤᠯᠲᠠ ᠬᠡᠷᠡᠭᠯᠡᠭᠡ ᠭᠠᠳᠠᠭᠠᠳᠤ ᠭᠠᠷᠭᠠᠯᠲᠠ︾ ᠢᠯᠠᠩᠭᠤᠶ᠎ᠠ ᠪᠦᠲᠦᠮᠵᠢᠲᠡᠶ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠴᠢᠩᠭᠠᠳᠬᠠᠨ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠠᠬᠢᠴᠠ ᠶᠢ ᠲᠦᠷᠭᠡᠳᠬᠡᠵᠦ᠂ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢᠨ ᠬᠤᠷᠳᠤᠴᠠ ᠶᠢ ᠲᠦᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠦᠭᠦ ᠲᠠᠯ᠎ᠠ ᠪᠠᠷ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠢᠭᠡᠨ ᠬᠤᠪᠢ ᠰᠢᠯᠢᠳᠡᠭ ᠰᠢᠯᠭᠠᠯᠲᠠ  ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠬᠤ ᠬᠡᠷᠡᠭᠲᠡᠢ᠃ ︽ᠰᠡᠯᠡᠭᠦᠦ ᠡᠪᠦᠯ︾᠎ ᠢ ︽ᠶᠠᠭᠠᠷᠠᠤ ᠡᠪᠦᠯ︾ ᠪᠣᠯᠭᠠᠨ ᠬᠤᠪᠢᠷᠠᠭᠤᠯᠵᠤ᠂ ᠤᠯᠤᠰ ᠤᠨ ᠲᠦᠷᠦ ᠶᠢᠨ ᠪᠣᠳᠣᠯᠭ᠎ᠠ ᠶᠢ ᠭᠦᠨᠵᠡᠭᠡᠢ ᠰᠤᠳᠤᠯᠵᠤ᠂ ᠢᠷᠡᠬᠦ ᠵᠢᠯ ᠤᠨ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠬᠠᠷᠠᠯᠲᠠ ᠲᠣᠭᠲᠠᠭᠠᠬᠤ ᠳᠠᠭᠠᠨ ᠬᠡᠮᠵᠢᠶᠡᠯᠡᠵᠦ ᠪᠤᠯᠬᠤ ᠶᠢ ᠨᠢ ᠪᠦᠭᠦᠨ ᠢ ᠴᠥᠮ ᠬᠡᠮᠵᠢᠶᠡᠯᠡᠵᠦ᠂ ᠬᠡᠳᠦᠢ ᠪᠣᠳᠠᠲᠠᠢ ᠪᠣᠯ ᠲᠡᠳᠦᠢ ᠰᠠᠶᠢᠨ ᠪᠤᠯᠭᠠᠬᠤ ᠬᠡᠷᠡᠭᠲᠡᠢ᠃ ᠢᠷᠡᠬᠦ ᠵᠢᠯ ᠤᠨ ᠠᠵᠢᠯ ᠢᠶᠠᠨ ᠲᠥᠯᠥᠪᠵᠢᠭᠦᠯᠬᠦ ᠳᠤ᠂ ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠰᠢᠪᠲᠤᠯᠤᠯᠲᠠ ᠬᠢᠬᠦ ᠶᠢ ᠴᠢᠬᠤᠯᠠᠴᠢᠯᠠᠵᠤ᠂ ᠲᠥᠷᠥᠯ ᠵᠦᠢᠯ ᠢᠶᠠᠷ ᠲᠤᠯᠭᠠᠭᠤᠷᠢᠯᠠᠬᠤ ᠶᠢ ᠴᠢᠩᠭᠠᠳᠬᠠᠵᠤ᠂ ᠣᠷᠣᠨ ᠳᠠᠶᠠᠭᠠᠷ ᠢ ᠬᠥᠲᠥᠯᠥᠨ ᠵᠢᠯᠤᠭᠤᠳᠴᠤ ᠪᠠᠶᠢᠭᠠᠳ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠵᠤ ᠠᠪᠴᠢᠷᠠᠬᠤ ᠠᠵᠢᠯ ᠢ ᠶᠡᠭᠡ ᠪᠠᠷ ᠠᠳᠬᠤᠵᠤ᠂ ᠢᠷᠡᠬᠦ ᠵᠢᠯ ᠤᠨ ᠬᠠᠪᠤᠷ ᠣᠷᠣᠮᠠᠭᠴᠠ ᠡᠬᠢᠯᠡᠨ ᠶᠡᠭᠡ ᠪᠠᠷ ᠬᠢᠵᠦ ᠲᠦᠷᠭᠡᠨ ᠬᠢᠵᠦ᠂ ᠵᠢᠯ ᠠᠴᠠ ᠵᠢᠯ ᠨᠠᠩ ᠰᠠᠶᠢᠨ ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠦᠵᠡᠪᠡ᠃    ᠬᠤᠷᠠᠯ ᠠᠴᠠ ᠡᠬᠢ ᠪᠠᠶᠠᠯᠢᠭ ᠢ ᠠᠷᠪᠢᠯᠠᠬᠤ ᠠᠵᠢᠯ ᠢ ᠪᠦᠭᠦ ᠲᠠᠯ᠎ᠠ ᠪᠠᠷ ᠴᠢᠩᠭᠠᠳᠬᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠳᠤ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠡᠬᠢ ᠪᠠᠶᠠᠯᠢᠭ ᠢ ᠠᠷᠪᠢᠯᠠᠬᠤ ᠶᠢᠨ ᠲᠣᠭᠤᠷᠢᠨ ᠳᠤ ᠪᠠᠭ᠎ᠠ ᠪᠤᠰᠤ ᠠᠵᠢᠯ ᠬᠢᠵᠡᠢ᠂ ᠭᠡᠪᠡᠴᠦ ᠶᠡᠷᠦᠩᠬᠡᠢ ᠳᠡᠭᠡᠨ ᠡᠷᠴᠢᠮ ᠴᠢᠩᠭ᠎ᠠ ᠪᠢᠰᠢ᠂ ᠠᠬᠢᠴᠠ ᠲᠦᠷᠭᠡᠨ ᠪᠢᠰᠢ ᠪᠠᠶᠢᠨ᠎ᠠ᠃ ᠡᠨᠡ ᠬᠦ ᠠᠵᠢᠯ ᠢ ᠬᠢᠬᠦ ᠳᠤ᠂ ᠨᠢᠭᠡ ᠳᠤ᠂ ᠴᠥᠬᠦᠷᠡᠰᠢ ᠦᠭᠡᠢ ᠪᠠᠶᠢᠩᠭᠤ ᠠᠳᠬᠤᠵᠤ᠂ ᠡᠭᠦᠷᠭᠡ ᠶᠢ ᠡᠯ᠎ᠡ ᠱᠠᠲᠤ᠂ ᠡᠯ᠎ᠡ ᠲᠠᠯ᠎ᠠ ᠪᠣᠯᠣᠨ ᠡᠷᠦᠭᠡ ᠪᠦᠷᠢ ᠳᠤ ᠨᠠᠶᠢᠳᠠᠪᠤᠷᠢᠵᠢᠭᠤᠯᠬᠤ ᠭᠡᠷᠡᠭᠲᠡᠢ︔ ᠬᠤᠶᠠᠷ ᠲᠤ᠂ ᠠᠭᠤᠯᠠ ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠶᠠᠮᠠᠷ ᠠᠰᠠᠭᠤᠳᠠᠯ ᠲᠣᠬᠢᠶᠠᠯᠳᠤᠪᠠᠯ ᠶᠠᠮᠠᠷ ᠠᠰᠠᠭᠤᠳᠠᠯ ᠢ ᠱᠠᠯᠠᠪᠳᠠᠭᠤᠯᠤᠨ ᠰᠢᠢᠳᠪᠦᠷᠢᠯᠡᠬᠦ ᠭᠡᠷᠡᠭᠲᠡᠢ︔ ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠢᠨ ᠲᠦᠷᠦᠭᠦᠯᠡᠨ ᠬᠢᠵᠦ᠂ ᠠᠶᠢᠮᠠᠭ ᠬᠤᠲᠠ᠂ ᠬᠤᠰᠢᠭᠤ ᠰᠢᠶᠠᠨ ᠢ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠪᠠᠶᠢᠭᠠᠳ ᠠᠷᠪᠢᠴᠢ ᠭᠠᠮᠲᠠᠢ ᠪᠠᠶᠢᠯᠭᠠᠵᠤ᠂ ᠠᠵᠢᠯᠴᠢ ᠠᠷᠪᠢᠴᠢ ᠪᠠᠷ ᠠᠯᠢᠪᠠ ᠶᠠᠪᠤᠳᠠᠯ ᠢ ᠭᠦᠢᠴᠡᠳᠬᠡᠬᠦ ᠭᠡᠷᠡᠭᠲᠡᠶ︔ ᠳᠥᠷᠪᠡ ᠳᠤ᠂ ᠰᠠᠶᠢᠨ ᠢ ᠨᠢ ᠱᠠᠩᠨᠠᠵᠤ ᠰᠢᠭᠠᠷᠤ ᠶᠢ ᠨᠢ ᠲᠣᠷᠭᠠᠬᠤ ᠬᠡᠷᠡᠭᠲᠡᠢ᠂ ᠰᠠᠶᠢᠨ ᠬᠢᠭᠰᠡᠨ ᠢ ᠨᠢ ᠰᠠᠶᠢᠰᠢᠶᠠᠵᠤ᠂ ᠮᠠᠭᠤ ᠬᠢᠭᠰᠡᠨ ᠢ ᠨᠢ ᠵᠠᠯᠬᠠᠭᠠᠨ ᠴᠡᠭᠡᠷᠯᠡᠭᠦᠯᠬᠦ ᠭᠡᠷᠡᠭᠲᠡᠢ︔ ᠲᠠᠪᠤ ᠳᠤ᠂ ᠲᠣᠭᠲᠠᠴᠠ ᠶᠢ ᠥᠭᠡᠷᠡᠴᠢᠯᠡᠵᠦ᠂ ᠵᠠᠬ᠎ᠠ ᠳᠡᠯᠭᠡᠭᠦᠷᠴᠢᠯᠡᠬᠦ᠂ ᠬᠠᠤᠯᠢᠵᠢᠭᠤᠯᠬᠤ ᠠᠷᠭ᠎ᠠ ᠪᠠᠷᠢᠯ ᠢ ᠬᠡᠷᠡᠭᠯᠡᠨ ᠪᠡᠷᠬᠡ ᠰᠡᠳᠦᠪ ᠢ ᠰᠢᠢᠳᠪᠦᠷᠢᠯᠡᠬᠦ ᠶᠢ ᠨᠡᠩ ᠴᠢᠬᠤᠯᠠᠴᠢᠯᠠᠵᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠭᠦ ᠪᠠᠷ ᠳᠠᠮᠵᠢᠭᠤᠯᠤᠨ ᠡᠬᠢ ᠪᠠᠶᠠᠯᠢᠭ ᠢ ᠠᠷᠪᠢᠯᠠᠬᠤ ᠶᠢ ᠠᠬᠢᠭᠤᠯᠬᠤ ᠶᠢ ᠨᠡᠩ ᠴᠢᠬᠤᠯᠠᠴᠢᠯᠠᠬᠤ ᠭᠡᠷᠡᠭᠲᠡᠢ︔ ᠵᠢᠷᠭᠤᠭ᠎ᠠ ᠳᠤ᠂ ᠠᠷᠪᠢᠯᠠᠨ ᠭᠠᠮᠨᠠᠬᠤ ᠨᠢ ᠢᠷᠠᠭᠤ ᠠᠯᠳᠠᠷ ᠲᠠᠢ᠂ ᠪᠦᠷᠢᠯᠭᠡᠨ ᠰᠦᠢᠳᠬᠡᠬᠦ ᠨᠢ ᠢᠴᠢᠭᠦᠷᠢ ᠭᠤᠲᠤᠮᠰᠢᠭ ᠲᠠᠢ ᠭᠡᠬᠦ ᠦᠵᠡᠯ ᠰᠠᠨᠠᠭ᠎ᠠ ᠣᠶᠢᠯᠠᠭᠠᠭᠳᠠᠬᠤᠨ ᠢ ᠶᠡᠭᠡ ᠪᠠᠷ ᠤᠬᠠᠭᠤᠯᠵᠤ᠂ ᠨᠡᠶᠢᠭᠡᠮ ᠳᠠᠶᠠᠭᠠᠷ ᠲᠤ ᠠᠷᠪᠢᠯᠠᠨ ᠭᠠᠮᠨᠠᠬᠤ ᠶᠢ ᠡᠷᠭᠢᠮᠯᠡᠭᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠦᠭᠦ ᠣᠷᠣᠨ ᠤ ︽ᠱᠠᠯᠢᠭ ᠵᠠᠪᠬᠠᠢ ᠵᠦᠢᠯ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠭᠦ︾ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠰᠣᠶᠣᠯ ᠤᠨ ᠬᠥᠭᠵᠢᠭᠦᠯᠦᠯᠲᠡ ᠶᠢᠨ ᠲᠥᠯᠦᠪᠵᠢᠭᠦᠯᠭᠡ︾᠎ ᠶᠢ ᠬᠢᠨᠠᠨ ᠵᠥᠪᠯᠡᠪᠡ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1