ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠣᠶᠢᠷ᠎ᠠ ᠳᠤ ᠮᠡᠳᠡᠭᠳᠡᠯ ᠪᠠᠭᠤᠯᠭᠠᠵᠤ ᠱᠠᠭᠠᠷᠳᠠᠭᠰᠠᠨ ᠨᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷᠴᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠤᠮᠳᠠ ᠦᠨᠡᠨ ᠬᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ
ᠨᠡᠶᠢᠲᠡᠯᠡᠭᠰᠡᠨ ᠴᠠᠭ᠄
2022/10/29
    ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠦᠨ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤᠰᠬᠠᠶᠢᠯᠠᠨ ᠮᠡᠳᠡᠭᠳᠡᠯ ᠪᠠᠭᠤᠯᠭᠠᠵᠤ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠡᠪᠡᠳᠴᠢᠨ ᠤ ᠵᠢᠱᠢᠶ᠎ᠡ ᠶᠢ ᠦᠭᠡᠢ ᠪᠣᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠵᠤ᠂ ᠡᠯ᠎ᠡ ᠱᠠᠲᠤᠨ ᠤ ᠺᠠᠳ᠋ᠷᠴᠤᠳ ᠤᠨ ᠦᠨᠡᠨ ᠬᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠬᠦᠲᠦᠯᠦᠨ ᠵᠢᠯᠤᠭᠤᠳᠴᠤ ᠵᠣᠷᠢᠭᠵᠢᠭᠤᠯᠵᠤ᠂ ᠬᠢᠵᠢᠭ ᠤᠨ ᠪᠠᠶᠢᠳᠠᠯ ᠦᠷᠪᠢᠰᠦᠨ ᠳᠡᠯᠭᠡᠷᠡᠬᠦ ᠬᠠᠨᠳᠤᠰᠢ ᠶᠢ ᠲᠦᠷᠭᠡᠨ ᠬᠤᠷᠢᠭᠯᠠᠵᠤ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠮᠡᠳᠡᠭᠳᠡᠯ ᠳᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠤᠨᠲ ᠤᠨ ᠳᠠᠶᠢᠴᠢᠨ ᠪᠠᠬᠢᠯᠡᠯᠲᠡ ᠶᠢ ᠪᠠᠲᠤ ᠴᠣᠭᠴᠠᠯᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠮᠵᠢ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠰᠢᠯᠭᠠᠬᠤ ︽ᠰᠢᠯᠭᠠᠭᠤᠷ︾ ᠪᠣᠯᠭᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠪᠦᠭᠡᠮ ᠬᠦᠴᠢᠯ ᠤᠨ ᠪᠠᠶᠢᠴᠠᠭᠠᠯᠲᠠ ᠶᠢᠨ ᠬᠤᠷᠳᠤᠴᠠ ᠶᠢ ᠲᠦᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ᠂ ︽ᠠᠷᠭ᠎ᠠ ᠴᠢᠨᠠᠷ ᠢᠯᠡᠷᠡᠭᠰᠡᠨ ᠡᠪᠡᠳᠴᠢᠨ ᠤ ᠵᠢᠱᠢᠶ᠎ᠡ ᠶᠢ ᠮᠦᠷᠳᠡᠬᠦ︾ ᠬᠤᠷᠳᠤᠴᠠ ᠶᠢ ᠲᠦᠷᠭᠡᠳᠬᠡᠬᠦ᠂ ᠲᠤᠰᠠᠭᠠᠷᠯᠠᠪᠠᠯ ᠵᠣᠬᠢᠬᠤ ᠶᠢ ᠨᠢ ᠪᠦᠬᠦᠨ ᠢ ᠲᠤᠰᠠᠭᠠᠷᠯᠠᠬᠤ᠂ ︽ᠠᠷᠭ᠎ᠠ ᠴᠢᠨᠠᠷ ᠢᠯᠡᠷᠡᠭᠰᠡᠨ ᠡᠪᠡᠳᠴᠢᠨ ᠤ ᠵᠢᠱᠢᠶ᠎ᠡ ᠶᠢ ᠢᠯᠡᠷᠡᠭᠦᠯᠦᠨ︾ ᠦᠭᠡᠢ ᠪᠣᠯᠭᠠᠬᠤ ᠳᠦᠷᠪᠡᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠠᠬᠢᠯᠡᠯᠲᠡ ᠶᠢ ᠦᠨᠡᠨ ᠬᠦ ᠡᠮᠦᠨ᠎ᠡ ᠹᠷᠤᠨᠲ ᠲᠤ ᠪᠠᠶᠢᠭᠤᠯᠵᠤ᠂ ᠨᠠᠮ ᠤᠨ ᠲᠤᠭ ᠢ ᠦᠨᠡᠨ ᠬᠦ ᠡᠮᠦᠨ᠎ᠡ ᠹᠷᠣᠨᠲ ᠲᠤ ᠮᠠᠨᠳᠤᠭᠤᠯᠬᠤ ᠬᠡᠷᠡᠭᠲᠡᠢ᠃ ᠰᠣᠮᠣ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶᠎ ᠤ ᠨᠠᠮ ᠤᠨ ᠵᠣᠬᠢᠶᠠᠨ ᠪᠠᠶᠢᠭᠤᠯᠤᠯᠲᠠ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠪᠠᠶᠢᠭᠤᠯᠤᠯᠲᠠ ᠪᠠᠷ ᠲᠣᠣᠷᠵᠢᠭᠤᠯᠤᠭᠰᠠᠨ ᠵᠠᠰᠠᠯᠲᠠ ᠶᠢ ᠬᠦᠲᠦᠯᠦᠨ ᠳᠠᠭᠠᠭᠤᠯᠬᠤ ᠶᠢ ᠪᠠᠷᠢᠮᠲᠠᠯᠠᠵᠤ᠂ ᠬᠤᠷᠢᠭ᠎ᠠ ᠪᠣᠭᠤᠮᠲᠠ ᠳᠤ ᠵᠢᠭᠰᠠᠭᠠᠨ ᠪᠠᠶᠢᠴᠠᠭᠠᠬᠤ᠂ ᠪᠦᠭᠡᠮ ᠬᠦᠴᠢᠯ ᠤᠨ ᠪᠠᠶᠢᠴᠠᠭᠠᠯᠲᠠ ᠬᠢᠬᠦ᠂ ᠬᠠᠮᠢᠶᠠᠷᠤᠨ ᠡᠵᠡᠮᠳᠡᠵᠦ ᠲᠤᠰᠠᠭᠠᠷᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠨᠠᠮ ᠤᠨ ᠵᠣᠬᠢᠶᠠᠨ ᠪᠠᠶᠢᠭᠤᠯᠤᠯᠲᠠ ᠦᠷᠭᠡᠨ ᠣᠯᠠᠨ ᠡᠮᠴᠢᠯᠡᠭᠡᠨ ᠤ ᠠᠵᠢᠯᠲᠠᠨ ᠢ ᠳᠠᠭᠠᠭᠤᠯᠤᠨ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠬᠦᠴᠢᠷ ᠢ ᠰᠦᠷᠦᠨ ᠤᠷᠤᠭᠰᠢᠯᠠᠵᠤ᠂ ᠪᠦᠭᠡᠮ ᠬᠦᠴᠢᠯ ᠤᠨ ᠪᠠᠶᠢᠴᠠᠭᠠᠯᠲᠠ ᠶᠢ ᠦᠨᠳᠦᠷ ᠪᠦᠲᠦᠮᠵᠢᠲᠡᠢ ᠦᠷᠨᠢᠭᠦᠯᠵᠦ᠂ ᠪᠦᠬᠦ ᠬᠦᠴᠦ ᠪᠠᠷ ᠢᠶᠠᠨ ᠡᠮᠴᠢᠯᠡᠭᠡᠨ ᠤ ᠠᠪᠤᠷᠠᠨ ᠵᠠᠰᠠᠯᠲᠠ ᠬᠢᠬᠦ ᠬᠡᠷᠡᠭᠲᠡᠢ᠃ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠲᠣᠭᠲᠠᠭᠠᠯ ᠶᠣᠰᠣᠭᠠᠷ ᠲᠤᠰ ᠨᠢᠭᠡᠴᠢ᠂ ᠲᠤᠰ ᠰᠠᠯᠠᠭ᠎ᠠ ᠮᠦᠴᠢᠷ᠂ ᠲᠤᠰ ᠬᠦᠷᠢᠶ᠎ᠡ ᠴᠠᠷᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠳᠠᠭᠠᠨ ᠰᠠᠭᠤᠷᠢᠯᠠᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠰᠤᠷᠭᠠᠭᠤᠯᠢ ᠶᠢᠨ ᠬᠦᠷᠢᠶ᠎ᠡ ᠶᠢ ᠪᠢᠲᠡᠭᠦᠮᠵᠢᠯᠡᠨ ᠡᠵᠡᠮᠳᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠡᠭᠦᠰᠬᠦ ᠦᠭᠡᠢ ᠬᠤᠷᠢᠭ᠎ᠠ ᠱᠤᠭᠤᠮ ᠢ ᠰᠠᠬᠢᠬᠤ ᠬᠡᠷᠡᠭᠲᠡᠢ᠃ ᠪᠣᠰᠣᠳ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃    ᠮᠡᠳᠡᠭᠳᠡᠯ ᠳᠤ᠂ ᠤᠯᠤᠰ ᠲᠦᠷᠦ ᠶᠢᠨ ᠡᠭᠦᠷᠭᠡᠯᠡᠯ ᠢ ᠢᠯᠡᠷᠡᠭᠦᠯᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠦᠷᠭᠡᠨ ᠣᠯᠠᠨ ᠨᠠᠮ ᠤᠨ ᠭᠡᠰᠢᠭᠦᠨ ᠺᠠᠳ᠋ᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠤᠨ ᠳᠤᠮᠳᠠ ᠡᠮᠦᠨ᠎ᠡ ᠨᠢ ᠬᠤᠰᠢᠭᠤᠷᠠᠨ ᠲᠡᠮᠡᠴᠡᠵᠦ᠂ ᠢᠯᠠᠩᠭᠤᠶ᠎ᠠ ᠨᠠᠮ ᠤᠨ ᠭᠡᠰᠢᠭᠦᠨ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠡᠮᠦᠨ᠎ᠡ ᠹᠷᠤᠨᠲ ᠲᠤ ᠬᠦᠷᠴᠦ ᠵᠢᠯᠤᠭᠤᠳᠴᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠦᠷᠢ ᠳᠦᠷᠬᠦ ᠶᠢ ᠦᠨᠡᠨ ᠬᠦ ᠱᠤᠭᠤᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠵᠤ᠂ ᠪᠠᠴᠢᠮ ᠬᠦᠴᠢᠷ ᠠᠶᠤᠯ ᠲᠠᠢ ᠬᠦᠨᠳᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ ᠴᠠᠭ ᠢᠮᠠᠭᠲᠠ ᠵᠣᠬᠢᠶᠠᠨ ᠪᠠᠶᠢᠭᠤᠯᠤᠯᠲᠠ ᠶᠢᠨ ᠤᠷᠢᠶᠠᠯᠠᠭ᠎ᠠ ᠶᠢ ᠰᠣᠨᠣᠰᠴᠤ᠂ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠳᠠᠭᠠᠵᠤ᠂ ᠵᠠᠩᠭᠢᠯᠠᠭ᠎ᠠ ᠶᠢᠨ ᠴᠠᠭ ᠮᠦᠴᠡ ᠳᠤ ᠪᠡᠶ᠎ᠡ ᠶᠢᠨ ᠭᠠᠷᠤᠯ ᠢᠶᠠᠨ ᠢᠯᠡ ᠪᠠᠶᠢᠯᠭᠠᠵᠤ᠂ ᠠᠵᠢᠯᠯᠠᠭ᠎ᠠ ᠬᠢᠵᠦ᠂ ᠬᠤᠪᠢ ᠨᠡᠮᠡᠷᠢ ᠦᠵᠡᠭᠦᠯᠵᠦ᠂ ᠪᠤᠲᠠᠲᠤ ᠠᠵᠢᠯᠯᠠᠭ᠎ᠠ ᠪᠠᠷ ᠢᠶᠠᠨ ︽ᠪᠢ ᠪᠣᠯ ᠨᠠᠮ ᠤᠨ ᠭᠡᠰᠢᠭᠦᠨ ᠂ ᠪᠢ ᠡᠮᠦᠨ᠎ᠡ  ᠨᠢ ᠭᠠᠪᠰᠢᠭᠠᠶᠢᠯᠠᠨ ᠲᠡᠮᠡᠴᠡᠶ᠎ᠡ︾ ᠭᠡᠬᠦ ᠪᠠᠲᠤ ᠴᠢᠩᠭ᠎ᠠ ᠲᠠᠩᠭᠠᠷᠢᠭ ᠢ ᠦᠢᠯᠡᠳᠦᠯᠭᠡᠵᠢᠭᠦᠯᠬᠦ ᠬᠡᠷᠡᠭᠲᠡᠢ ᠃ ᠪᠤᠲᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠷᠠᠳ ᠲᠦᠮᠡᠨ ᠳᠤ ᠦᠢᠯᠡᠴᠢᠯᠡᠬᠦ ᠶᠢ ᠦᠷᠨᠢᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠪᠣᠯᠣᠳ ᠬᠡᠷᠡᠮ ᠢ ᠪᠠᠲᠤ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃    ᠮᠡᠳᠡᠭᠳᠡᠯ ᠳᠤ᠂ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠬᠢᠵᠢᠭ ᠤᠨ ᠶᠡᠭᠡ ᠰᠢᠯᠭᠠᠯᠲᠠ ᠶᠢᠨ ᠳᠤᠮᠳᠠ ᠺᠠᠳ᠋ᠷ ᠢ ᠰᠢᠯᠭᠠᠨ ᠬᠦᠮᠦᠵᠢᠭᠦᠯᠵᠦ ᠬᠡᠷᠡᠭᠯᠡᠬᠦ ᠬᠡᠷᠡᠭᠲᠡᠢ᠃ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠠᠯᠠᠭ᠎ᠠ ᠮᠦᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠪᠠ ᠲᠡᠭᠦᠨ ᠳᠤ ᠦᠢᠯᠡᠴᠢᠯᠡᠬᠦ ᠶᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠺᠠᠳ᠋ᠷ ᠢ ᠬᠢᠨᠠᠨ ᠪᠠᠶᠢᠴᠠᠭᠠᠵᠤ ᠢᠯᠭᠠᠨ ᠲᠠᠨᠢᠬᠤ ᠶᠢ ᠴᠢᠬᠤᠯᠠᠴᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠠᠬᠢ ᠢᠯᠡᠷᠡᠯ ᠢᠶᠠᠷ ᠺᠠᠳ᠋ᠷ ᠢ ᠦᠨᠡᠯᠡᠬᠦ ᠴᠢᠬᠤᠯᠠ ᠦᠨᠳᠦᠰᠦᠯᠡᠯ ᠪᠣᠯᠭᠠᠵᠤ᠂ ᠤᠳᠤᠷᠢᠳᠬᠤ ᠺᠠᠳ᠋ᠷ ᠤᠨ ᠳᠠᠪᠰᠢᠵᠤ ᠪᠠᠭᠤᠵᠤ ᠪᠦᠷ ᠪᠣᠯᠬᠤ ᠲᠣᠭᠲᠠᠭᠠᠯ ᠢ ᠨᠠᠶᠢᠳᠠᠪᠤᠷᠢᠵᠢᠭᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠂ ᠴᠢᠳᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ᠂ ᠢᠯᠡᠷᠡᠯ ᠳᠣᠪᠤᠶᠢᠮ᠎ᠠ ᠺᠠᠳ᠋ᠷ ᠢ ᠴᠠᠭ ᠲᠤᠬᠠᠢ ᠳᠤᠨᠢ ᠢᠯᠡᠷᠡᠭᠦᠯᠵᠦ᠂ ᠬᠦᠬᠢᠭᠦᠯᠦᠨ ᠤᠷᠮᠠᠰᠢᠭᠤᠯᠵᠤ᠂ ᠳᠡᠪᠰᠢᠭᠦᠯᠦᠨ ᠬᠡᠷᠡᠭᠯᠡᠬᠦ ᠶᠣᠰᠣᠲᠠᠢ ᠶᠢ ᠨᠢ ᠴᠠᠭ ᠲᠤᠬᠠᠢ ᠳᠤᠨᠢ ᠳᠡᠪᠰᠢᠭᠦᠯᠵᠦ ᠴᠢᠬᠤᠯᠠᠴᠢᠯᠠᠨ ᠬᠡᠷᠡᠭᠯᠡᠬᠦ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠬᠢᠵᠢᠭ ᠢ ᠰᠡᠷᠭᠡᠶᠢᠯᠡᠬᠦ ᠲᠠᠯ᠎ᠠ ᠪᠠᠷ ᠰᠠᠶᠢᠲᠤᠷ ᠭᠦᠢᠴᠡᠳᠬᠡᠭᠰᠡᠨ ᠦᠭᠡᠢ ᠺᠠᠳ᠋ᠷ ᠠᠴᠠ ᠴᠠᠭ ᠲᠤᠬᠠᠢ ᠳᠤᠨᠢ ᠬᠠᠷᠢᠭᠤᠴᠠᠯᠭ᠎ᠠ ᠨᠡᠬᠡᠮᠵᠢᠯᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠶᠣᠰᠣᠲᠠᠢ ᠶᠢ ᠨᠢ ᠴᠠᠭ ᠲᠤᠬᠠᠢ ᠳᠤᠨᠢ ᠰᠢᠢᠳᠪᠦᠷᠢᠯᠡᠵᠦ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠦᠨᠡᠨ ᠬᠦ ᠪᠤᠲᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠦᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠲᠡᠷᠢᠭᠦᠨ ᠤ ᠨᠡᠶᠢᠲᠡᠯᠢᠭ ᠵᠢᠱᠢᠶ᠎ᠡ ᠠᠴᠠ ᠲᠠᠭᠠᠨ ᠰᠤᠷᠤᠯᠴᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠰᠠᠨᠠᠭᠠᠴᠢᠯᠠᠬᠤ ᠬᠡᠷᠡᠭᠲᠡᠢ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠭᠦᠢᠴᠡᠳᠬᠡᠭᠰᠡᠨ ᠦᠭᠡᠢ ᠠᠴᠠ ᠪᠣᠯᠵᠤ ᠬᠠᠷᠢᠭᠤᠴᠠᠯᠭ᠎ᠠ ᠨᠡᠬᠡᠮᠵᠢᠯᠡᠭᠳᠡᠭᠰᠡᠳ ᠠᠴᠠ ᠭᠦᠨᠵᠡᠭᠡᠢ ᠰᠤᠷᠭᠠᠮᠵᠢ ᠠᠪᠴᠤ᠂ ᠦᠨᠡᠨ ᠬᠦ ᠴᠡᠭᠡᠷᠯᠡᠯ ᠪᠣᠯᠭᠠᠵᠤ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠤᠨᠲ ᠲᠤ ᠨᠠᠮ ᠳᠤ ᠣᠷᠣᠬᠤ ᠢᠳᠡᠪᠬᠢᠲᠡᠨ ᠢ ᠬᠦᠮᠦᠵᠢᠭᠦᠯᠬᠦ ᠪᠠ ᠰᠢᠯᠭᠠᠵᠤ᠂ ᠤᠯᠤᠰ ᠲᠦᠷᠦ ᠶᠢᠨ ᠲᠠᠯ᠎ᠠ ᠪᠠᠷ ᠨᠠᠶᠢᠳᠠᠪᠤᠷᠢᠲᠠᠢ᠂ ᠴᠠᠭᠠᠷᠠᠭᠰᠠᠨ ᠴᠢᠳᠠᠪᠤᠷᠢ᠂ ᠢᠯᠡᠷᠡᠯ ᠳᠣᠪᠤᠶᠢᠮ᠎ᠠ᠂ ᠨᠦᠬᠦᠴᠡᠯ ᠳᠤ ᠨᠡᠶᠢᠴᠡᠭᠰᠡᠨ ᠬᠦᠮᠦᠰ ᠢ ᠲᠡᠷᠡ ᠳᠠᠷᠤᠢ ᠳᠤᠨᠢ ᠨᠠᠮ ᠳᠤ ᠡᠯᠰᠡᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠨᠠᠮ ᠤᠨ ᠭᠡᠰᠢᠭᠦᠨ᠂ ᠺᠠᠳ᠋ᠷ ᠢ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠵᠤ᠂ ᠦᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ᠬᠢᠵᠢᠭ ᠤᠨ ᠪᠠᠶᠢᠳᠠᠯ ᠲᠠᠢ ᠡᠷᠡᠯᠬᠡᠭᠯᠡᠨ ᠲᠡᠮᠡᠴᠡᠵᠦ᠂ ᠪᠤᠲᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠱᠠᠭᠠᠷᠳᠠᠪᠠ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1